ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾᠎ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠬᠠᠮᠢᠶ᠎ᠠ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠨ ᠲᠤᠭᠤᠰᠢᠯᠠᠭᠤᠯᠵᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠵᠡᠷᠭᠡ ᠵᠦᠢᠯᠡᠰ ᠢ ᠰᠤᠳᠤᠯᠪᠠ
ᠨᠡᠶᠢᠲᠡᠯᠡᠭᠰᠡᠨ ᠴᠠᠭ᠄
2024/2/16
    2 ᠰᠠᠷ᠎ᠠ ᠶᠢᠨ 5᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾᠎ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠲᠠᠪᠤᠨ ᠶᠡᠭᠡ ᠡᠭᠦᠷᠭᠡ᠂ ︽ᠵᠢᠷᠭᠤᠭᠠᠨ ᠢᠨᠵᠧᠨᠧᠷᠢᠩ︾᠎ ᠳᠤ ᠠᠩᠬᠠᠷᠤᠯ ᠢᠶᠠᠨ ᠲᠥᠪᠯᠡᠷᠡᠭᠦᠯᠦᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠵᠠᠰᠠᠭ ᠤᠨ ᠣᠷᠳᠣᠨ ᠤ ᠥᠷᠢ ᠥᠭᠴᠡᠭᠡ᠂ ᠭᠡᠷ ᠭᠠᠵᠠᠷ ᠤᠨ ᠬᠥᠷᠥᠩᠭᠡ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠠᠷᠢᠯᠭᠠᠵᠤ᠂ ︽ᠮᠢᠨ᠎ᠡ ᠳᠡᠯᠪᠡᠷᠡᠬᠦ︾ ᠪᠠᠶᠢᠳᠠᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾᠎ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠤᠨ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠬᠢᠨᠠᠨ ᠵᠥᠪᠯᠡᠵᠦ ᠪᠠᠲᠤᠯᠠᠨ᠂ 283 ᠵᠦᠢᠯ ᠤᠨ ᠭᠤᠣᠯᠳᠠᠯᠭ᠎ᠠ ᠲᠠᠢ ᠡᠭᠦᠷᠭᠡ ᠪᠣᠯᠣᠨ 33 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠴᠢᠩᠭ᠎ᠠ ᠠᠩᠬᠠᠷᠴᠤ᠂ ᠣᠨᠴᠠᠭᠠᠶᠢᠯᠠᠨ ︽ᠵᠢᠷᠭᠤᠭᠠᠨ ᠢᠨᠵᠧᠨᠧᠷᠢᠩ︾᠎ ᠢ ᠴᠢᠩᠭ᠎ᠠ ᠠᠩᠬᠠᠷᠴᠤ᠂ ᠵᠦᠢᠯ ᠳᠠᠷᠠᠭᠠᠯᠠᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠠᠵᠢᠯ ᠤᠨ ᠭᠤᠭᠴᠤᠭ᠎ᠠ ᠶᠢ ᠲᠣᠩᠭᠤᠷᠠᠭᠤ ᠵᠢᠭᠰᠠᠭᠠᠵᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠳᠡᠳ᠋ ᠲᠡᠷᠢᠭᠦᠯᠡᠭᠴᠢ ᠨᠠᠷ ᠪᠡᠶ᠎ᠡ ᠪᠠᠷ ᠢᠶᠠᠨ ᠣᠷᠣᠯᠴᠠᠵᠤ᠂ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠠᠵᠢᠯ ᠢᠶᠠᠨ ᠱᠠᠯᠠᠪᠳᠠᠨ ᠡᠬᠢᠯᠡᠭᠦᠯᠵᠦ᠂ ᠠᠵᠢᠯ ᠢᠶᠠᠨ ᠲᠦᠷᠭᠡᠳᠬᠡᠨ᠂ ᠴᠠᠭ ᠲᠠᠭᠠᠨ ᠳᠠᠭᠤᠰᠬᠠᠬᠤ ᠬᠡᠷᠡᠭᠲᠡᠢ︔ ᠡᠯ᠎ᠡ ᠲᠢᠩᠬᠢᠮ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠬᠤᠶᠢᠰᠢᠯᠠᠭᠤᠯᠬᠤ ᠦᠭᠡᠢ ᠤᠳᠠᠭᠠᠰᠢᠷᠠᠭᠤᠯᠬᠤ ᠦᠭᠡᠢ ᠪᠠᠶᠢᠵᠤ᠂ ᠨᠠᠷᠢᠨ ᠳᠠᠩᠰᠠ ᠶᠢᠨ ᠤᠬᠠᠮᠰᠠᠷ ᠢᠶᠠᠨ ᠴᠢᠩᠭᠠᠳᠬᠠᠵᠤ᠂ ᠴᠠᠭ ᠲᠤᠬᠠᠢ ᠳᠤᠨᠢ ᠴᠢᠨᠠᠷ ᠢ ᠪᠠᠲᠤᠯᠠᠨ ᠳᠠᠩᠰᠠ ᠲᠤᠰᠢᠶᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠬᠤ ᠲᠥᠰᠥᠯ ᠢ ᠬᠢᠨᠠᠨ ᠵᠥᠪᠯᠡᠵᠦ ᠪᠠᠲᠤᠯᠠᠨ᠂ ᠡᠭᠦᠷᠭᠡ ᠪᠠᠨ ᠲᠣᠳᠣᠷᠬᠠᠶᠢᠯᠠᠵᠤ᠂ ᠭᠦᠢᠴᠡᠳ ᠪᠡᠯᠡᠳᠬᠡᠯ ᠬᠢᠵᠦ᠂ ᠬᠠᠪᠤᠷ ᠡᠬᠢᠯᠡᠮᠡᠭᠴᠡ ᠭᠠᠷᠳᠠᠨ ᠬᠢᠵᠦ᠂ ︽ᠠᠩᠬᠠᠨ ᠤ ᠳᠠᠶᠢᠯᠠᠯᠳᠤᠭᠠᠨ︾᠎ ᠢ ᠰᠠᠶᠢᠲᠤᠷ ᠬᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠰᠢᠨ᠎ᠡ ᠡᠨᠧᠷᠭᠢ ᠪᠠ ᠴᠠᠬᠢᠯᠭᠠᠨ ᠲᠣᠣᠷ ᠤᠨ ᠬᠢᠨᠠᠨ ᠵᠥᠪᠰᠢᠶᠡᠷᠡᠬᠦ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠰᠤᠳᠤᠯᠵᠤ᠂ ᠲᠥᠷᠥᠯ ᠵᠦᠢᠯ ᠤᠨ ᠭᠠᠵᠠᠷ ᠰᠢᠷᠣᠢ ᠶᠢᠨ ᠭᠠᠷᠳᠠᠮ ᠢ ᠭᠦᠢᠴᠡᠳᠬᠡᠬᠦ ᠵᠡᠷᠭᠡ 13 ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠰᠠᠶᠢᠨ ᠳᠦᠷᠢᠮ᠂ ᠲᠦᠷᠭᠡᠨ ᠦᠢᠯᠡᠴᠢᠯᠡᠭᠡ ᠶᠢᠨ ᠪᠣᠳᠠᠲᠤ ᠦᠷ᠎ᠡ ᠪᠦᠲᠦᠮᠵᠢ ᠪᠠᠷ ᠨᠠᠮ ᠤᠨ ᠬᠤᠷᠢᠶ᠎ᠠ ᠶᠢᠨ ︽ᠰᠢᠨ᠎ᠡ ᠡᠨᠧᠷᠭᠢ ᠶᠢ ᠴᠢᠩᠭ᠎ᠠ ᠠᠳᠬᠤᠨ ᠱᠠᠯᠠᠪᠳᠠᠨ ᠬᠢᠬᠦ︾ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠶᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ᠨᠠᠮ ᠵᠠᠰᠠᠭ ᠤᠨ ᠶᠡᠭᠡ ᠬᠦᠷᠢᠶᠡᠨ ᠳᠤ ᠢᠨᠵᠧᠨᠧᠷᠢᠩ ᠤᠨ ᠣᠨ ᠦᠭᠡᠢ︾ ᠭᠡᠬᠦ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ ᠪᠠᠲᠤᠯᠠᠨ᠂ ᠡᠯ᠎ᠡ ᠱᠠᠲᠤᠨ ᠤ ᠨᠠᠮ ᠵᠠᠰᠠᠭ ᠤᠨ ᠶᠡᠭᠡ ᠬᠦᠷᠢᠶᠡᠨ ᠤ ᠢᠨᠵᠧᠨᠧᠷᠢᠩ ᠤᠨ ᠲᠥᠷᠥᠯ ᠵᠦᠢᠯ ᠢ ᠴᠢᠩᠭ᠎ᠠ ᠬᠠᠮᠢᠶᠠᠷᠴᠤ᠂ ᠪᠠᠭᠠᠰᠬᠠᠪᠠᠰᠤ ᠵᠣᠬᠢᠬᠤ ᠶᠢ ᠨᠢ ᠪᠥᠬᠦᠨ ᠢ ᠪᠠᠭᠠᠰᠬᠠᠵᠤ᠂ ᠬᠠᠰᠤᠪᠠᠰᠤ ᠵᠣᠬᠢᠬᠤ ᠶᠢ ᠨᠢ ᠪᠥᠬᠦᠨ ᠢ ᠬᠠᠰᠤᠵᠤ᠂ ᠴᠢᠬᠤᠯᠠ ᠦᠭᠡᠢ ᠪᠣᠯ ᠬᠡᠷᠡᠭᠵᠢᠭᠦᠯᠬᠦ ᠦᠭᠡᠢ ᠪᠠᠶᠢᠵᠤ᠂ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠥᠬᠦ ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ︔ 2023 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1