ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/2/22
ᠤᠯᠠᠭᠠᠨᠬᠠᠳᠠ ᠬᠤᠲᠠ ᠶᠢᠨ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠪᠢᠴᠢᠭ ᠮᠠᠲ᠋ᠧᠷᠢᠶᠠᠯ      ᠶᠤᠸᠠᠨ ᠪᠣᠥ ᠱᠠᠨ ᠵᠠᠰᠠᠭ ᠥᠰᠥᠭ ﹇2024﹈ 6 ᠳ᠋ᠤᠭᠠᠷ ᠲᠣᠭᠠᠲᠤ    ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠬᠡᠯᠲᠡᠰ ᠵᠥᠪᠯᠡᠯ ᠠᠯᠪᠠᠨ ᠭᠡᠷ ᠲᠣᠪᠴᠢᠶ᠎ᠠ ᠳᠤ᠄    ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2023﹈ 18 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︾ ︵ᠥᠪᠥᠷ ᠵᠠᠰᠠᠭ ᠲᠠᠷᠬᠠᠭᠠᠭᠰᠠᠨ ﹇2023﹈ 26 ᠳ᠋ᠤᠭᠠᠷ ᠲᠣᠭᠠᠲᠤ︶᠂ ︽ᠤᠯᠠᠭᠠᠨᠬᠠᠳᠠ ᠬᠤᠲᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠤᠯᠠᠭᠠᠨᠬᠠᠳᠠ ᠵᠠᠰᠠᠭ ᠦᠰᠦᠭ ﹇2024﹈ 17 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠤᠸᠠᠨ ᠪᠦᠦ ᠱᠠᠨ ᠲᠣᠭᠤᠷᠢᠭ ᠤᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠷᠳᠡᠭ ᠢ ᠠᠭᠤᠳᠠᠯᠬᠤ᠂ ᠪᠦᠲᠦᠮᠵᠢᠲᠡᠢ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠪᠣᠯᠭᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠣᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠨᠢ ᠶᠤᠸᠠᠨ ᠪᠦᠦ ᠱᠠᠨ ᠲᠣᠭᠤᠷᠢᠭ ᠤᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠪᠠᠷ ᠲᠤᠰᠬᠠᠬᠤ ᠶᠢ ᠪᠠᠲᠤᠯᠠᠨ᠎ᠠ᠃    ᠬᠤᠶᠠᠷ᠂ ᠬᠠᠷᠠᠯᠲᠠ ᠶᠢᠨ ᠡᠭᠦᠷᠭᠡ    ᠲᠥᠷᠥ ᠶᠢᠨ ᠶᠠᠪᠤᠳᠠᠯ ᠤᠨ ᠬᠤᠷᠢᠶᠠᠨ ᠤ ᠳᠤᠷᠠᠳᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶ ᠬᠠᠷᠠᠯᠲᠠ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠬᠢᠬᠦ ᠪᠠᠷ ᠳᠠᠮᠵᠢᠭᠤᠯᠤᠨ ᠳᠣᠣᠷᠠᠬᠢ ᠮᠡᠲᠦ ᠠᠵᠢᠯ ᠤᠨ ᠬᠠᠷᠠᠯᠲᠠ ᠪᠣᠯᠤᠨ ᠡᠭᠦᠷᠭᠡ ᠶᠢ ᠪᠡᠶᠡᠯᠡᠭᠦᠯᠦᠨ᠎ᠡ᠄ ᠨᠢᠭᠡ ᠳᠤ᠂ ᠶᠤᠸᠠᠨ ᠪᠦᠦ ᠱᠠᠨ ᠲᠣᠭᠤᠷᠢᠭ ᠤᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠭᠠᠷᠴᠠᠭ ᠢ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠡᠳ᠋ ᠬᠦᠷᠦᠩᠭᠡ ᠶᠢᠨ ᠲᠣᠳᠣᠷᠬᠠᠢ ᠬᠠᠮᠢᠶᠠᠷᠤᠯᠲᠠ ᠶᠢ ᠪᠡᠶᠡᠯᠡᠭᠦᠯᠦᠨ᠎ᠡ︔ ᠬᠤᠶᠠᠷ ᠲᠤ᠂ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠮᠠᠭᠠᠳᠯᠠᠨ ᠲᠣᠭᠲᠠᠭᠠᠵᠤ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠰᠢᠰᠲ᠋ᠧᠮ ᠢ ᠪᠥᠷᠢᠨᠰᠢᠭᠦᠯᠥᠨ᠎ᠡ︔ ᠭᠤᠷᠪᠠ ᠳᠤ᠂ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ ᠨᠡᠶᠢᠳᠡᠮ ᠪᠠᠶᠢᠴᠠᠭᠠᠬᠤ᠂ ᠲᠤᠰᠬᠠᠢ ᠪᠠᠶᠢᠴᠠᠭᠠᠯᠲᠠ ᠬᠢᠬᠦ᠂ ᠣᠷᠣᠨ ᠵᠠᠢ ᠶᠢ ᠬᠠᠮᠢᠶᠠᠷᠤᠨ ᠡᠵᠡᠮᠳᠡᠬᠦ᠂ ᠬᠥᠳᠡᠯᠦᠩᠭᠦᠢ ᠪᠠᠷ ᠬᠢᠨᠠᠨ ᠬᠡᠮᠵᠢᠬᠦ ᠶᠢ ᠬᠠᠷᠢᠯᠴᠠᠨ ᠤᠶᠠᠯᠳᠤᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ︔ ᠲᠦᠷᠪᠡ ᠳᠤ᠂ ᠲᠤᠰᠬᠠᠢ ᠮᠡᠷᠭᠡᠵᠢᠯ ᠤᠨ ᠠᠵᠢᠯᠲᠠᠨ ᠢ ᠬᠥᠮᠦᠵᠢᠭᠦᠯᠦᠨ ᠪᠣᠯᠪᠠᠰᠤᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠪᠦᠬᠦ ᠠᠷᠠᠳ ᠤᠨ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠎ᠡ᠃    ᠭᠤᠷᠪᠠ᠂ ᠨᠡᠶᠢᠳᠡᠮ ᠪᠠᠶᠢᠴᠠᠭᠠᠯᠲᠠ ᠶᠢᠨ ᠬᠡᠪᠴᠢᠶ᠎ᠡ ᠪᠣᠯᠤᠨ ᠠᠭᠤᠯᠭ᠎ᠠ    ︵ᠨᠢᠭᠡ︶ ᠨᠡᠶᠢᠳᠡᠮ ᠪᠠᠶᠢᠴᠠᠭᠠᠬᠤ ᠬᠦᠷᠢᠶ᠎ᠡ ᠬᠡᠪᠴᠢᠶ᠎ᠡ᠃ ᠶᠤᠸᠠᠨ ᠪᠦᠦ ᠱᠠᠨ ᠲᠣᠭᠤᠷᠢᠭ ᠤᠨ ᠨᠢᠭᠡᠨᠲᠡ ᠮᠠᠭᠠᠳᠯᠠᠨ ᠲᠣᠭᠲᠠᠭᠠᠭᠰᠠᠨ ᠪᠠ ᠳᠠᠩᠰᠠᠯᠠᠭᠤᠯᠤᠭᠰᠠᠨ 137 ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠳᠠᠬᠢᠨ ᠪᠠᠶᠢᠴᠠᠭᠠᠬᠤ ᠶᠢᠨ ᠬᠠᠮᠲᠤ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠪᠠᠶᠢᠴᠠᠭᠠᠵᠤ᠂ ᠮᠠᠭᠠᠳᠯᠠᠨ ᠲᠣᠭᠲᠠᠭᠠᠵᠤ᠂ ᠳᠠᠩᠰᠠᠯᠠᠨ᠎ᠠ᠃    ︵ᠬᠤᠶᠠᠷ︶ ᠨᠡᠶᠢᠳᠡᠮ ᠪᠠᠶᠢᠴᠠᠭᠠᠯᠲᠠ ᠶᠢᠨ ᠠᠭᠤᠯᠭ᠎ᠠ᠃ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠨᠡᠷᠡᠶᠢᠳᠦᠯ᠂ ᠣᠷᠣᠨ ᠪᠠᠶᠢᠷᠢᠰᠢᠯ᠂ ᠬᠠᠮᠠᠭᠠᠯᠠᠯᠲᠠ ᠶᠢᠨ ᠵᠡᠷᠭᠡ ᠳᠡᠰ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠥᠷᠥᠯ ᠢᠯᠭᠠᠯ᠂ ᠣᠨ ᠵᠢᠯ᠂ ᠡᠷᠬᠡ ᠶᠢᠨ ᠬᠠᠷᠢᠶ᠎ᠠ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠪᠠᠭᠲᠠᠨ᠎ᠠ᠃    ᠳᠥᠷᠪᠡ᠂ ᠴᠠᠭ ᠬᠤᠭᠤᠴᠠᠭᠠᠨ ᠤ ᠲᠣᠬᠢᠷᠠᠭᠤᠯᠤᠯᠲᠠ    ᠲᠥᠷᠥ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠨᠢ 2023 ᠣᠨ ᠤ 11 ᠰᠠᠷ᠎ᠠ ᠠᠴᠠ ᠡᠬᠢᠯᠡᠨ᠂ 2026 ᠣᠨ ᠤ 6 ᠰᠠᠷ᠎ᠠ ᠳᠤ ᠳᠠᠭᠤᠰᠤᠨ᠎ᠠ᠂ ᠭᠤᠷᠪᠠᠨ ᠱᠠᠲᠤ ᠬᠤᠪᠢᠶᠠᠨ ᠶᠠᠪᠤᠭᠳᠠᠨ᠎ᠠ᠃ ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠴᠠᠭ ᠪᠣᠯ 2024 ᠣᠨ ᠤ 4 ᠰᠠᠷ᠎ᠠ ᠶᠢᠨ 30᠎ ᠤ ᠡᠳᠦᠷ ᠪᠣᠯᠤᠨ᠎ᠠ᠃    ︵ᠨᠢᠭᠡ︶ ᠨᠢᠭᠡᠳᠦᠭᠡᠷ ᠱᠠᠲᠤ᠃ 2023 ᠣᠨ ᠤ 11 ᠰᠠᠷ᠎ᠠ ᠠᠴᠠ 2024 ᠣᠨ ᠤ 4 ᠰᠠᠷ᠎ᠠ ᠪᠣᠯᠲᠠᠯ᠎ᠠ᠃ ᠠᠵᠢᠯ ᠤᠨ ᠡᠭᠦᠷᠭᠡ᠄ ᠶᠤᠸᠠᠨ ᠪᠦᠦ ᠱᠠᠨ ᠲᠣᠭᠤᠷᠢᠭ ᠤᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠣᠯᠤᠨ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠯᠥᠪᠯᠡᠭᠡ ᠲᠣᠭᠲᠠᠭᠠᠵᠤ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠪᠠᠷᠢᠮᠵᠢᠶ᠎ᠠ ᠪᠣᠯᠤᠨ ᠵᠢᠷᠤᠮᠵᠢᠯ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠰᠢᠰᠲ᠋ᠧᠮ ᠪᠣᠯᠤᠨ ᠵᠥᠭᠡᠯᠡᠨ ᠲᠣᠨᠤᠭ ᠢ ᠦᠨᠳᠦᠰᠦᠯᠡᠨ᠂ ᠨᠡᠶᠢᠳᠡᠮ ᠪᠠᠶᠢᠴᠠᠭᠠᠭᠴᠢ ᠶᠢᠨ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠬᠤᠶᠠᠷ︶ ᠬᠤᠶᠠᠳᠤᠭᠠᠷ ᠱᠠᠲᠤ᠃ 2024 ᠣᠨ ᠤ 5 ᠰᠠᠷ᠎ᠠ ᠠᠴᠠ 2025 ᠣᠨ ᠤ 5 ᠰᠠᠷ᠎ᠠ ᠪᠣᠯᠲᠠᠯ᠎ᠠ᠃ ᠠᠵᠢᠯ ᠤᠨ ᠡᠭᠦᠷᠭᠡ᠄ ᠶᠤᠸᠠᠨ ᠪᠦᠦ ᠱᠠᠨ ᠲᠣᠭᠤᠷᠢᠭ ᠤᠨ ᠬᠢᠯᠢ ᠳᠣᠲᠣᠷ᠎ᠠ ᠲᠤᠬᠠᠶ ᠶᠢᠨ ᠭᠠᠵᠠᠷ ᠲᠤᠨᠢ ᠲᠡᠤᠬᠡ ᠶᠢᠨ ᠳᠤᠷᠠᠰᠬᠠᠯᠲᠤ ᠵᠦᠢᠯ ᠤᠨ ᠪᠠᠶᠢᠴᠠᠭᠠᠯᠲᠠ ᠬᠢᠨ᠎ᠠ᠃    ︵ᠭᠤᠷᠪᠠ︶ ᠭᠤᠷᠪᠠᠳᠤᠭᠠᠷ ᠱᠠᠲᠤ᠃ 2025 ᠣᠨ ᠤ 6 ᠰᠠᠷ᠎ᠠ ᠠᠴᠠ 2026 ᠣᠨ ᠤ 6 ᠰᠠᠷ᠎ᠠ ᠪᠣᠯᠲᠠᠯ᠎ᠠ ᠃ ᠠᠵᠢᠯ ᠤᠨ ᠡᠭᠦᠷᠭᠡ᠄ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠤᠯᠢ ᠶᠣᠰᠣᠭᠠᠷ ᠮᠠᠭᠠᠳᠯᠠᠨ ᠲᠣᠭᠲᠠᠭᠠᠵᠤ᠂ ᠳᠠᠩᠰᠠᠯᠠᠬᠤ ᠶᠢᠨ ᠬᠠᠮᠲᠤ ᠨᠡᠶᠢᠲᠡᠯᠡᠵᠦ᠂ ᠶᠤᠸᠠᠨ ᠪᠦᠦ ᠱᠠᠨ ᠲᠣᠭᠤᠷᠢᠭ ᠤᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠢ ᠭᠠᠷᠴᠠᠭ ᠢ ᠪᠠᠶᠢᠭᠤᠯᠵᠤ᠂ ᠰᠢᠯᠭᠠᠨ ᠠᠪᠬᠤ ᠠᠵᠢᠯ ᠢ ᠪᠡᠶᠡᠯᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠡᠶᠢᠲᠡᠯᠡᠨ᠎ᠡ᠃ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠰᠢᠯᠵᠢᠭᠦᠯᠵᠦ ᠪᠣᠯᠤᠰᠢ ᠦᠭᠡᠢ ᠴᠢᠬᠤᠯᠠ ᠲᠡᠦᠬᠡ ᠶᠢᠨ ᠳᠤᠷᠠᠰᠬᠠᠯᠲᠤ ᠵᠦᠢᠯᠡᠰ ᠢ ᠴᠠᠭ ᠲᠤᠬᠠᠶ ᠳᠤᠨᠢ ᠬᠠᠷᠠᠭᠠᠯᠵᠠᠭᠰᠠᠨ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠬᠢᠨᠠᠨ ᠲᠣᠭᠲᠠᠭᠠᠵᠤ ᠨᠡᠶᠢᠲᠡᠯᠡᠨ᠎ᠡ᠃    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠥᠨ᠎ᠡ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠥᠪ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ ᠂ ᠮᠠᠨ ᠤ ᠤᠯᠤᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠴᠢᠬᠤᠯᠠ ᠰᠠᠭᠤᠷᠢ ᠠᠵᠢᠯ ᠮᠥᠨ᠂ ᠲᠡᠷᠡ ᠨᠢ ᠶᠡᠷᠦᠩᠬᠡᠶ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠣᠶᠣᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠭᠲᠠ ᠪᠠᠶᠢᠷᠢᠯᠠᠭᠤᠯᠵᠤ᠂ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠬᠤᠭᠤᠴᠠᠭ᠎ᠠ ᠶᠣᠰᠣᠭᠠᠷ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    ︵ᠬᠤᠶᠠᠷ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠤᠨ᠎ᠠ᠃ ᠶᠤᠸᠠᠨ ᠪᠦᠦ ᠱᠠᠨ ᠲᠣᠭᠤᠷᠢᠭ ᠤᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠴᠢᠬᠤᠯᠠ ᠵᠦᠢᠯᠡᠰ ᠢ ᠬᠢᠨᠠᠨ ᠲᠣᠭᠲᠠᠭᠠᠵᠤ᠂ ᠤᠳᠤᠷᠢᠳᠬᠤ ᠳᠤᠭᠤᠶᠢᠯᠠᠩ ᠨᠢ ᠲᠣᠭᠤᠷᠢᠭ ᠤᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠢᠰᠢ ᠪᠠᠶᠢᠵᠤ᠂ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠠᠶᠠᠨᠳᠠᠭᠠᠨ ᠬᠦᠴᠦᠨ ᠦᠭᠡᠢ ᠪᠣᠯᠤᠨ᠎ᠠ᠃    ︵ᠭᠤᠷᠪᠠ︶ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠲᠣᠭᠲᠠᠪᠤᠷᠢᠵᠢᠭᠤᠯᠤᠨ᠎ᠠ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠨᠡᠶᠢᠳᠡᠮ ᠪᠠᠶᠢᠴᠠᠭᠠᠯᠲᠠ ᠶᠢᠨ ᠡᠩᠨᠡᠭᠡ ᠠᠴᠠ ᠤᠷᠢᠵᠤ ᠬᠡᠷᠡᠭᠯᠡᠬᠦ ᠪᠤᠶᠤ ᠬᠤᠯᠪᠣᠭᠳᠠᠯ ᠪᠦᠬᠦᠢ ᠨᠢᠭᠡᠴᠢ ᠠᠴᠠ ᠨᠥᠬᠦᠴᠡᠯ ᠳᠤ ᠨᠡᠶᠢᠴᠡᠬᠦ ᠬᠥᠮᠦᠰ ᠢ ᠵᠥᠪᠳᠡᠯᠴᠡᠵᠦ ᠪᠠᠶᠢᠭᠠᠳ ᠨᠡᠶᠢᠳᠡᠮ ᠪᠠᠶᠢᠴᠠᠭᠠᠯᠲᠠ ᠶᠢᠨ ᠡᠩᠨᠡᠭᠡ ᠳᠤ ᠣᠷᠣᠭᠤᠯᠵᠤ ᠪᠣᠯᠤᠨ᠎ᠠ᠂ ᠤᠷᠢᠵᠤ ᠬᠡᠷᠡᠭᠯᠡᠭᠰᠡᠨ ᠠᠵᠢᠯᠲᠠᠨ ᠤ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠢ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠳᠣᠲᠣᠷ᠎ᠠ ᠠᠴᠠ ᠭᠠᠷᠭᠠᠵᠤ᠂ ᠤᠷᠢᠵᠤ ᠬᠡᠷᠡᠭᠯᠡᠭᠰᠡᠨ ᠨᠢᠭᠡᠴᠢ ᠠᠴᠠ ᠪᠣᠳᠤᠨ ᠥᠭᠴᠦ᠂ ᠵᠥᠪᠳᠡᠯᠴᠡᠵᠦ ᠰᠢᠯᠵᠢᠭᠦᠯᠦᠭᠰᠡᠨ ᠬᠥᠮᠦᠰ ᠤᠨ ᠤᠤᠯ ᠨᠢᠭᠡᠴᠢ ᠶᠢᠨ ᠠᠵᠢᠯ ᠤᠨ ᠪᠠᠶᠢᠷᠢ ᠶᠢ ᠨᠢ ᠦᠯᠡᠳᠡᠭᠡᠵᠦ᠂ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠨᠢ ᠪᠠᠭᠤᠷᠠᠭᠤᠯᠬᠤ ᠦᠭᠡᠶ᠃ ᠣᠷᠣᠨ ᠨᠤᠲᠤᠭ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠰᠤᠷᠤᠭᠴᠢ ᠶᠢ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤ ᠣᠷᠣᠯᠴᠠᠭᠤᠯᠬᠤ ᠶᠢᠨ ᠬᠠᠮᠲᠤ ᠵᠢᠭᠠᠨ ᠰᠤᠷᠭᠠᠬᠤ ᠳᠠᠳᠤᠯᠭ᠎ᠠ ᠬᠢᠬᠦ ᠬᠢᠴᠢᠶᠡᠯ ᠪᠣᠯᠭᠠᠵᠤ ᠪᠣᠯᠤᠨ᠎ᠠ᠃    ︵ᠲᠦᠷᠪᠡ︶ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠨᠠᠶᠢᠳᠠᠪᠤᠷᠢᠵᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ ᠶᠣᠰᠣᠭᠠᠷ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠵᠦᠶ ᠵᠣᠬᠢᠰᠲᠠᠶ ᠲᠥᠰᠦᠭᠡᠯᠡᠨ ᠪᠤᠳᠤᠵᠤ᠂ ᠣᠨ ᠢᠶᠠᠷ ᠡᠳ᠋ ᠤᠨ ᠵᠠᠰᠠᠭ ᠤᠨ ᠲᠥᠰᠦᠪ ᠲᠤ ᠵᠢᠭᠰᠠᠭᠠᠨ ᠣᠷᠣᠭᠤᠯᠵᠤ᠂ ᠴᠠᠭ ᠲᠤᠨᠢ ᠪᠠᠭᠤᠯᠭᠠᠨ ᠥᠭᠴᠦ᠂ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠥᠷᠨᠢᠬᠦ ᠶᠢ ᠪᠠᠲᠤᠯᠠᠬᠤ ᠬᠡᠷᠡᠭᠲᠡᠢ᠃    ︵ᠲᠠᠪᠤ︶ ᠨᠡᠶᠢᠳᠡᠮ ᠪᠠᠶᠢᠴᠠᠭᠠᠯᠲᠠ ᠶᠢᠨ ᠬᠠᠮᠢᠶᠠᠷᠤᠯᠲᠠ ᠶᠢ ᠰᠠᠶᠢᠲᠤᠷ ᠬᠢᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠥᠷᠳᠡᠬᠦ ᠲᠣᠭᠲᠠᠴᠠ ᠶᠢ ᠪᠠᠶᠢᠭᠤᠯᠤᠨ᠂ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠡᠷᠬᠡᠪᠰᠢ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠦᠨᠡᠨ ᠪᠣᠳᠠᠲᠠᠶ ᠪᠠᠷ ᠲᠠᠭᠯᠠᠨ ᠮᠡᠳᠡᠭᠦᠯᠵᠦ᠂ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠤᠨ ᠡᠵᠡᠮᠳᠡᠯ ᠢ ᠴᠢᠩᠭᠠᠳᠬᠠᠨ᠂ ᠨᠡᠶᠢᠳᠡᠮ ᠪᠠᠶᠢᠴᠠᠭᠠᠯᠲᠠ ᠶᠢᠨ ᠲᠥᠰᠦᠯ ᠢ ᠴᠢᠩᠭ᠎ᠠ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠤᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠬᠤ ᠶᠢ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠣᠨᠣᠪᠴᠢᠲᠠᠶ᠂ ᠪᠦᠷᠢᠨ ᠪᠦᠲᠦᠨ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠵᠣᠷᠢᠭᠤᠳᠠ ᠭᠠᠷ ᠲᠦᠷᠦᠭᠦ ᠠᠵᠢᠯᠯᠠᠭ᠎ᠠ ᠶᠢ ᠡᠷᠡᠰ ᠬᠤᠷᠢᠭᠯᠠᠨ᠎ᠠ᠃    ︵ᠵᠢᠷᠭᠤᠭ᠎ᠠ︶ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠬᠡᠷᠡᠭᠲᠡᠶ᠂ ᠬᠤᠳᠠᠯ ᠢᠶᠠᠷ ᠮᠡᠳᠡᠭᠦᠯᠵᠦ᠂ ᠳᠠᠷᠤᠭᠠᠳ ᠮᠡᠳᠡᠭᠦᠯᠬᠦ ᠦᠭᠡᠢ᠂ ᠮᠡᠳᠡᠭᠦᠯᠬᠦ ᠶᠢ ᠲᠡᠪᠴᠢᠵᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠪᠠ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠵᠤ᠂ ᠥᠭᠡᠷᠡᠲᠦᠭᠦᠯᠵᠦ ᠪᠣᠯᠬᠤ ᠦᠭᠡᠢ᠂ ᠬᠡᠷᠪᠡ ᠳᠡᠭᠡᠷ᠎ᠡ ᠳᠤᠷᠠᠳᠤᠭᠰᠠᠨ ᠪᠠᠶᠢᠳᠠᠯ ᠭᠠᠷᠪᠠᠯ᠂ ᠬᠠᠤᠯᠢ ᠰᠠᠬᠢᠯᠭ᠎ᠠ ᠶᠣᠰᠣᠭᠠᠷ ᠰᠢᠢᠳᠪᠥᠷᠢᠯᠡᠨ᠎ᠡ᠃ ᠨᠡᠶᠢᠳᠡᠮ ᠪᠠᠶᠢᠴᠠᠭᠠᠯᠲᠠ ᠶᠢᠨ ᠡᠩᠨᠡᠭᠡ ᠵᠢᠴᠢ ᠠᠵᠢᠯᠲᠠᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠣᠯᠤᠨ ᠮᠠᠲ᠋ᠧᠷᠢᠶᠠᠯ ᠢ ᠲᠣᠬᠢᠲᠠᠶ ᠬᠠᠳᠠᠭᠠᠯᠠᠵᠤ᠂ ᠨᠡᠶᠢᠳᠡᠮ ᠪᠠᠶᠢᠴᠠᠭᠠᠯᠲᠠ ᠳᠤ ᠬᠤᠯᠪᠣᠭᠳᠠᠬᠤ ᠤᠯᠤᠰ ᠤᠨ ᠨᠢᠭᠤᠴᠠ ᠶᠢ ᠬᠠᠮᠠᠭᠠᠯᠠᠬᠤ ᠡᠭᠦᠷᠭᠡ ᠶᠢ ᠡᠷᠬᠡᠪᠰᠢ ᠭᠦᠢᠴᠡᠳᠬᠡᠬᠦ ᠬᠡᠷᠡᠭᠲᠡᠶ᠂ ᠬᠡᠷᠪᠡ ᠨᠢᠭᠤᠴᠠ ᠶᠢ ᠵᠠᠳᠠᠷᠠᠭᠤᠯᠤᠭᠰᠠᠨ ᠬᠡᠷᠡᠭ ᠭᠠᠷᠪᠠᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾᠎ ᠶᠢᠨ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤᠮᠳᠠ᠂ ᠵᠢᠱᠢᠶᠡᠯᠡᠪᠡᠯ ᠬᠥᠮᠦᠨ ᠡᠪᠳᠡᠬᠦ᠂ ᠬᠢᠨᠠᠯᠲᠠ ᠬᠠᠮᠢᠶᠠᠷᠤᠯᠲᠠ ᠰᠤᠯᠠ ᠵᠡᠷᠭᠡ ᠬᠦᠴᠦᠨ ᠵᠦᠢᠯ ᠠᠴᠠ ᠪᠣᠯᠵᠤ ᠨᠢᠭᠡᠨᠲᠡ ᠳᠠᠩᠰᠠᠯᠠᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠡᠪᠳᠡᠭᠳᠡᠭᠰᠡᠨ᠂ ᠬᠦᠴᠦᠨ ᠦᠭᠡᠢ ᠪᠣᠯᠭᠠᠭᠰᠠᠨ᠂ ᠤᠰᠠᠳᠴᠤ ᠭᠡᠭᠡᠭᠳᠡᠭᠰᠡᠨ ᠪᠠᠶᠢᠳᠠᠯ ᠭᠠᠷᠪᠠᠯ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃        ᠳᠠᠭᠠᠯᠳᠤᠭᠤᠯᠤᠯ᠄ ᠶᠤᠸᠠᠨ ᠪᠦᠦ ᠱᠠᠨ ᠲᠣᠭᠤᠷᠢᠭ ᠤᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠨᠡᠷᠡᠰ                                     ᠶᠤᠸᠠᠨ ᠪᠣᠣ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                          2024 ᠣᠨ ᠤ 2 ᠰᠠᠷ᠎ᠠ ᠶᠢᠨ 20᠎ ᠤ ᠡᠳᠦᠷ        ᠳᠠᠭᠠᠯᠳᠤᠭᠤᠯᠤᠯ        ᠶᠤᠸᠠᠨ ᠪᠦᠦ ᠱᠠᠨ ᠲᠣᠭᠤᠷᠢᠭ ᠤᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠨᠡᠷᠡᠰ        ᠳᠤᠭᠤᠶᠢᠯᠠᠩ ᠤᠨ ᠳᠠᠷᠤᠭ᠎ᠠ᠄ ᠯᠤᠸᠠᠨ ᠶᠦᠨ ᠾᠧ  ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ    ᠫᠧᠩ ᠰᠢᠶᠤᠤ ᠵᠢᠤᠸᠠᠨ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄ ᠯᠢᠦ ᠯᠢᠶᠠᠨ ᠼᠠᠩ  ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶᠠᠨ ᠤ ᠳᠠᠷᠤᠭ᠎ᠠ    ᠯᠢ ᠰᠢᠶᠠᠩ ᠬᠤᠸᠠ  ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ    ᠵᠣᠣ ᠱᠢ ᠰᠢᠨ  ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ     ᠪᠦᠷᠢᠯᠳᠦᠬᠦᠨ᠄ ᠵᠧᠦ ᠶᠠᠨ ᠬᠤᠩ  ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠲᠣᠭᠤᠷᠢᠭ ᠤᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶᠠᠨ ᠤ ᠳᠠᠷᠤᠭ᠎ᠠ    ᠯᠢᠦᠢ ᠶᠢᠨ ᠫᠢᠩ  ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ    ᠭᠦᠸᠧ ᠰᠢᠶᠤᠤ ᠳ᠋ᠦᠩ  ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ    ᠵᠠᠩ ᠶᠠᠨ ᠹᠠᠩ  ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠ    ᠯᠢ ᠵᠢᠶᠠᠩ ᠪᠥᠸᠧ  ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠡᠷᠬᠢᠯᠡᠭᠴᠢ    ᠯᠢ ᠰᠢᠤᠸᠠᠢ ᠹᠧᠩ  ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ    ᠭᠦᠸᠧ ᠶᠦᠨ ᡁᠢ  ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠤᠪᠴᠢᠶᠠᠨ ᠤ ᠳᠡᠳ᠋ ᠳᠠᠷᠤᠭ᠎ᠠ    ᠯᠢ ᠢᠦᠢ ᠮᠢᠩ  ᠲᠤᠭᠤᠷᠢᠭ ᠤᠨ ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶᠠᠨ ᠤ ᠳᠡᠳ᠋ ᠳᠠᠷᠤᠭ᠎ᠠ    ᠯᠢᠦ ᠰᠢᠶᠤᠤ ᠹᠧᠩ  ᠲᠤᠭᠤᠷᠢᠭ ᠤᠨ ᠵᠠᠮ ᠬᠠᠷᠢᠯᠴᠠᠭᠠᠨ ᠤ ᠲᠤᠪᠴᠢᠶᠠᠨ ᠤ ᠳᠡᠳ᠋ ᠳᠠᠷᠤᠭ᠎ᠠ    ᠰᠦᠨ ᠵᠥᠩ ᠢᠦᠶ  ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ    ᠭᠦᠸᠧ ᠸᠧᠶ  ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶᠠᠨ ᠤ ᠳᠡᠳ᠋ ᠳᠠᠷᠤᠭ᠎ᠠ    ᠯᠢ ᠬᠤᠩ ᠶᠢᠨ  ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ    ᠵᠧᠦ ᠵᠢᠶᠠ ᠯᠢ  ᠲᠤᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠤᠪᠴᠢᠶᠠᠨ ᠤ ᠳᠡᠳ᠋ ᠳᠠᠷᠤᠭ᠎ᠠ    ᠰᠦᠩ ᠯᠢ ᡁᠢ  ᠲᠤᠭᠤᠷᠢᠭ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠳᠡᠳ᠋ ᠳᠠᠷᠤᠭ᠎ᠠ    ᠯᠢ ᠴᠧᠩ ᠢᠦᠶ  ᠲᠣᠭᠤᠷᠢᠭ ᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ    ᠰᠦᠩ ᠴᠢᠤᠸᠠᠨ ᠱᠧᠩ  ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ    ᠯᠢᠦ ᠸᠧᠶ ᠳ᠋ᠦᠩ  ᠲᠣᠭᠤᠷᠢᠭ ᠤᠨ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠲᠥᠪ ᠤᠨ ᠡᠷᠬᠢᠯᠡᠭᠴᠢ    ᠵᠠᠩ ᠬᠤᠩ ᡁᠢ  ᠹᠧᠩ ᠱᠦᠢ ᠭᠸᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ    ᠼᠤᠤ ᠵᠧ ᠶᠤᠸᠠᠨ  ᠪᠦᠦ ᠱᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ    ᠮᠠ ᠴᠤᠤ ᠰᠢᠶᠤᠤ  ᠦ᠋ ᠵᠢᠶᠠ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ    ᠴᠧᠨ ᠯᠦ  ᠮᠤᠬᠤᠷ ᠭᠤᠣᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ    ᠵᠠᠩ ᠫᠧᠢ ᠰᠢᠨ  ᠫᠢᠩᠵᠤᠸᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ    ᠫᠠᠨ ᠬᠤᠩ ᠫᠧᠩ  ᠡᠤ ᠵᠢᠶᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ    ᠶᠠᠩ ᠶᠠᠨ ᠵᠢᠶᠣᠣ  ᠫᠢᠩᠵᠤᠸᠠᠩ ᠳ᠋ᠥᠩᠴᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ        ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶ᠎ᠠ ᠳᠤ ᠳᠣᠭᠢᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠳᠦᠷ ᠲᠤᠲᠤᠮ ᠤᠨ ᠵᠣᠬᠢᠶᠠᠨ ᠪᠠᠶᠢᠭᠤᠯᠬᠤ ᠪᠠ ᠪᠣᠳᠠᠲᠠᠶ ᠵᠣᠬᠢᠴᠠᠭᠤᠯᠬᠤ ᠶᠢ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶᠠᠨ ᠤ ᠳᠠᠷᠤᠭ᠎ᠠ ᠯᠢᠦ ᠯᠢᠶᠠᠨ ᠼᠠᠩ ᠬᠠᠪᠰᠤᠷᠭᠠᠨ ᠬᠠᠷᠢᠭᠤᠴᠠᠵᠤ᠂ ᠳᠡᠳ᠋ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠵᠣᠣ ᠱᠢ ᠰᠢᠨ ᠬᠠᠪᠰᠤᠷᠭᠠᠨ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠨᠦᠭᠦᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠨ᠎ᠡ᠃ ᠤᠳᠤᠷᠢᠳᠬᠤ ᠳᠤᠭᠤᠶᠢᠯᠠᠩ ᠨᠢ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠢᠰᠢ ᠪᠠᠶᠢᠵᠤ᠂ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠠᠶᠠᠨᠳᠠᠭᠠᠨ ᠬᠦᠴᠦᠨ ᠦᠭᠡᠢ ᠪᠣᠯᠤᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1