ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/23
    2 ᠰᠠᠷ᠎ᠠ ᠶᠢᠨ 22᠎ ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠵᠢᠶᠣᠣ ᠴᠢᠩ ᠳ᠋ᠦᠩ᠂ ᠸᠠᠩ ᠶᠠᠨ ᠪᠥᠸᠧ᠂ ᠯᠢ ᠽᠥᠩ ᠮᠧᠩ᠂ ᠶᠢᠨ ᠮᠢᠩ᠂ ᠫᠧᠩ ᠰᠢᠶᠣᠣ ᠵᠢᠤᠸᠠᠨ᠂ ᠶᠢᠨ ᠲᠧᠩ ᠵᠢᠶᠣᠣ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ᠂ ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ︽ ᠶᠤᠸᠠᠨ ᠪᠦᠦ ᠱᠠᠨ ᠲᠣᠭᠤᠷᠢᠭ ᠤᠨ 2024 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠡᠷᠡᠭᠵᠢᠭᠦᠯᠬᠦ ᠲᠥᠰᠥᠯ ︵ ᠶᠠᠷᠢᠯᠴᠠᠬᠤ ᠨᠣᠣᠷᠠᠭ ︶ ︾᠎ ᠢ ᠬᠢᠨᠠᠨ ᠵᠥᠪᠯᠡᠪᠡ ︔ 2023 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠡᠷᠢᠭᠦᠨ ᠤ ᠨᠢᠭᠡᠴᠢ ᠵᠢᠴᠢ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠱᠠᠩᠨᠠᠵᠤ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠦᠢᠯᠡᠳᠪᠦᠷᠢᠯᠡᠯ ᠢ ᠵᠣᠭᠰᠣᠭᠠᠵᠤ ᠪᠠᠶᠢᠭᠤᠯᠬᠤ ᠶᠢ ᠵᠣᠭᠰᠣᠭᠠᠭᠰᠠᠨ ᠠᠵᠤ ᠠᠬᠤᠶᠢᠯᠠᠯ ᠤᠨ ᠭᠠᠵᠠᠷ ᠰᠢᠷᠣᠢ ᠵᠢᠴᠢ ᠭᠠᠵᠠᠷ ᠳᠡᠭᠡᠷᠡᠬᠢ ᠳᠠᠭᠠᠯᠲᠠ ᠪᠣᠳᠠᠰ ᠢ ᠬᠤᠳᠠᠯᠳᠤᠨ ᠠᠪᠬᠤ ᠬᠤᠯᠪᠣᠭᠳᠠᠯ ᠪᠦᠬᠦᠢ ᠵᠦᠢᠯᠡᠰ ᠢ ᠰᠤᠳᠤᠯᠪᠠ︔ 2024 ᠣᠨ ᠤ ᠥᠯᠵᠡᠶᠢᠲᠦ ᠡᠳᠦᠷ ᠤᠨ ᠪᠠᠶᠠᠷ ᠤᠨ ᠬᠤᠸᠠᠷ ᠫᠤᠤᠵᠢᠩ ᠤᠨ ᠦᠳᠡᠰᠢᠯᠡᠭᠡ ᠶᠢᠨ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃    ᠬᠤᠷᠠᠯ ᠠᠴᠠ ᠂ ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠬᠤ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠷᠭᠡᠳᠬᠡᠬᠦ ᠴᠢᠬᠤᠯᠠ ︽ᠡᠬᠢ ᠪᠤᠯᠠᠭ︾ ᠮᠥᠨ ᠂ ᠪᠦᠬᠦ ᠲᠣᠭᠤᠷᠢᠭ ᠢᠶᠠᠷ ᠢᠶᠠᠨ ᠠᠵᠠ ᠲᠣᠬᠢᠶᠠᠯ ᠢ ᠠᠮᠵᠢᠵᠤ ᠂ ᠰᠠᠨᠠᠭᠠᠴᠢᠯᠠᠭ᠎ᠠ ᠲᠠᠢ ᠪᠠᠷ ᠳᠠᠭᠠᠷᠢᠯᠲᠠ ᠬᠢᠵᠦ ᠂ ︽ ᠭᠤᠣᠯ ᠡᠭᠦᠷᠭᠡ ᠶᠢ ᠵᠣᠷᠢᠭᠲᠠᠢ ᠪᠠᠷ ᠡᠭᠦᠷᠭᠡᠯᠡᠬᠦ ︾ ᠬᠠᠷᠢᠭᠤᠴᠠᠯᠭ᠎ᠠ ᠶᠢ ᠪᠠᠲᠤ ᠡᠭᠦᠷᠭᠡᠯᠡᠵᠦ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ ᠪᠣᠭᠤᠮᠲᠠ ᠰᠢᠪᠲᠤᠯᠬᠤ ᠳᠠᠶᠢᠯᠠᠯᠳᠤᠭᠠᠨ ︾᠎ ᠢ ᠡᠷᠡᠰ ᠰᠠᠶᠢᠲᠤᠷ ᠬᠢᠬᠦ ᠬᠡᠷᠡᠭᠲᠡᠢ᠃ 2023 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠡᠷᠢᠭᠦᠨ ᠤ ᠨᠢᠭᠡᠴᠢ ᠵᠢᠴᠢ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠱᠠᠩᠨᠠᠬᠤ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠢᠲᠡᠭᠡᠯ ᠵᠣᠷᠢᠭ ᠪᠠ ᠡᠷᠴᠢ ᠵᠣᠷᠢᠭ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠠᠵᠢᠯ ᠤᠨ ᠲᠡᠮᠡᠴᠡᠯ ᠤᠨ ᠵᠣᠷᠢᠭ ᠪᠠ ᠣᠮᠤᠭ ᠵᠣᠷᠢᠭ ᠢ ᠬᠥᠭᠵᠢᠭᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠢᠷᠢ ᠴᠢᠳᠠᠮᠵᠢ ᠪᠠ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠥᠮᠥᠰ᠂ ᠪᠡᠯᠡ ᠮᠥᠩᠭᠦ ᠵᠡᠷᠭᠡ ᠡᠯ᠎ᠡ ᠲᠠᠯ᠎ᠠ ᠶᠢᠨ ᠪᠠᠲᠤᠯᠠᠭ᠎ᠠ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ︽ᠬᠡᠷᠡᠭᠵᠢᠭᠦᠯᠬᠦ ᠲᠥᠰᠥᠯ︾᠎ ᠤᠨ ᠬᠠᠷᠠᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠵᠤ᠂ ᠰᠢᠨ᠎ᠡ ᠶᠢ ᠡᠭᠦᠳᠦᠨ ᠬᠤᠳᠠᠯᠳᠤᠭᠠᠴᠢᠨ ᠤᠷᠢᠵᠤ᠂ ᠮᠠᠨ ᠤ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠂ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠪᠠᠶᠠᠷ ᠤᠨ ᠬᠤᠸᠠᠷ ᠫᠤᠤᠵᠢᠩ ᠤᠨ ᠦᠳᠡᠰᠢᠯᠡᠭᠡ ᠪᠣᠯ ᠶᠤᠸᠠᠨ ᠪᠣᠥ ᠱᠠᠨ ᠤ ᠬᠤᠸᠠᠷ ᠫᠤᠤᠵᠢᠩ ᠤᠨ ᠦᠨᠦᠷ ᠠᠮᠲᠠ᠂ ᠴᠠᠭᠠᠨ ᠰᠠᠷ᠎ᠠ ᠶᠢᠨ ᠦᠨᠦᠷ ᠠᠮᠲᠠ ᠶᠢᠨ ᠡᠭᠡᠯᠲᠡ ᠪᠣᠯᠣᠨ᠎ᠠ ᠂ ᠶᠤᠸᠠᠨ ᠪᠣᠥ ᠱᠠᠨ ᠤ ᠠᠷᠠᠳ ᠲᠦᠮᠡᠨ ᠤ ᠬᠦᠰᠡᠯ ᠡᠷᠡᠮᠡᠯᠵᠡᠯ ᠢ ᠠᠴᠢᠶᠠᠯᠠᠵᠤ ᠂ ᠶᠤᠸᠠᠨ ᠪᠣᠥ ᠱᠠᠨ ᠤ ᠴᠢᠨᠠᠷ ᠰᠠᠶᠢᠲᠠᠢ ᠬᠥᠭᠵᠢᠯᠲᠡ ᠶᠢᠨ ᠣᠮᠤᠭ ᠰᠦᠷ ᠢ ᠨᠡᠩ ᠪᠦᠲᠦᠮᠵᠢᠲᠡᠢ ᠬᠥᠭᠵᠢᠭᠡᠵᠦ ᠴᠢᠳᠠᠨ᠎ᠠ ᠃ ᠡᠯ᠎ᠡ ᠪᠠᠯᠭᠠᠰᠤ ᠰᠢᠶᠠᠩ ᠵᠡᠭᠡᠯᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠷᠢᠨ ᠵᠦᠢᠯᠡᠰ ᠠᠴᠠ ᠡᠭᠦᠰᠴᠦ᠂ ᠪᠠᠭ᠎ᠠ ᠶᠠᠪᠤᠳᠠᠯ ᠠᠴᠠ ᠡᠭᠦᠰᠴᠦ᠂ ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠠᠬᠢ ᠪᠥᠬᠦ ᠲᠣᠭᠤᠷᠢᠭ ᠤᠨ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠪᠣᠯᠣᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ ᠂ ᠠᠮᠤᠷ ᠲᠦᠪᠰᠢᠨ ᠤ ᠭᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨᠬᠦ ᠤᠰᠠᠳᠬᠠᠵᠤ ᠂ ᠦᠳᠡᠰᠢᠯᠡᠭᠡ ᠳᠤ ᠯᠠᠪᠳᠠᠭᠤᠨ ᠪᠠᠲᠤᠲᠠᠢ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠃ ᠭᠤᠣᠯᠳᠠᠯᠭ᠎ᠠ ᠲᠠᠢ ᠣᠷᠣᠨ ᠪᠦᠰᠡ ᠪᠣᠯᠣᠨ ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠲᠠᠯᠠᠪᠤᠷ ᠢ ᠴᠢᠩᠭ᠎ᠠ ᠠᠩᠬᠠᠷᠴᠤ᠂ ᠨᠢᠭᠡᠳᠦᠭᠡᠷ ᠹᠷᠣᠨᠲ ᠤᠨ ᠵᠢᠵᠢᠭᠦᠷᠯᠡᠬᠦ ᠬᠦᠴᠦᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠡᠮᠴᠢᠯᠡᠭᠡ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠲᠡᠷᠭᠡ ᠬᠥᠰᠬᠡ ᠶᠢ ᠵᠦᠢ ᠵᠣᠬᠢᠰᠲᠠᠢ ᠲᠣᠬᠢᠷᠠᠭᠤᠯᠵᠤ᠂ ᠥᠷᠭᠡᠨ ᠣᠯᠠᠨ ᠲᠦᠮᠡᠨ ᠳᠤ ᠠᠮᠤᠷ ᠲᠦᠪᠰᠢᠨ᠂ ᠡᠶ᠎ᠡ ᠨᠠᠶᠢᠷᠠᠮᠳᠠᠭᠤ᠂ ᠪᠠᠶᠠᠷ ᠬᠥᠷ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠠᠵᠤ ᠠᠬᠤᠢ ᠶᠢ ᠠᠳᠬᠤᠬᠤ ᠂ ᠲᠦᠷᠦᠯ ᠵᠦᠢᠯ ᠢ ᠪᠠᠶᠢᠭᠤᠯᠬᠤ ᠂ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠭᠤᠭᠴᠤᠭ᠎ᠠ ᠂ ᠴᠢᠬᠤᠯᠠ ᠠᠵᠢᠯ ᠪᠣᠯᠭᠠᠬᠤ ᠬᠡᠷᠡᠭᠲᠡᠢ ᠃ ᠠᠷᠭ᠎ᠠ ᠪᠦᠬᠦᠨ ᠢ ᠰᠦᠪᠡᠭᠴᠢᠯᠡᠨ ᠲᠦᠭᠵᠢᠷᠡᠯ ᠤᠨ ᠴᠡᠭ ᠬᠦᠴᠢᠷ ᠠᠰᠠᠭᠤᠳᠠᠯ ᠢ ᠰᠢᠢᠳᠪᠦᠷᠢᠯᠡᠵᠦ ᠂ ᠤᠰᠤ ᠴᠠᠬᠢᠯᠭᠠᠨ ᠠᠭᠤᠷ ᠳᠤᠯᠠᠭᠠᠯᠠᠭ᠎ᠠ ᠂ ᠰᠢᠲᠠᠮᠠᠬᠠᠢ ᠬᠡᠢ ᠂ ᠭᠠᠵᠠᠷ ᠰᠢᠷᠣᠢ ᠂ ᠰᠠᠭᠤᠷᠢ ᠲᠥᠬᠦᠭᠡᠷᠦᠮᠵᠢ ᠵᠡᠷᠭᠡ ᠴᠢᠬᠤᠯᠠ ᠡᠯᠧᠮᠧᠨ᠋ᠲ ᠤᠨ ᠪᠣᠭᠤᠮᠢ ᠬᠢᠵᠠᠭᠠᠷᠯᠠᠯ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ D ᠲᠠᠰ ᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠥᠨᠳᠥᠷ ᠪᠠᠷᠢᠮᠵᠢᠶ᠎ᠠ ᠪᠠᠷ ᠡᠭᠦᠳᠦᠨ ᠪᠠᠶᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠨᠡᠩ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠪᠠᠷ ᠨᠡᠩ ᠤᠯᠠᠨ ᠠᠵᠤ ᠠᠬᠤᠶᠢᠯᠠᠯ ᠤᠨ ᠲᠦᠷᠦᠯ ᠵᠦᠢᠯ ᠢ ᠮᠠᠨ ᠤ ᠲᠣᠭᠤᠷᠢᠭ ᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠬᠥᠭᠵᠢᠭᠦᠯᠦᠨ ᠪᠤᠵᠠᠭᠠᠶᠢᠷᠠᠭᠤᠯᠵᠤ ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠲᠠ ᠦᠭᠡᠢ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1