ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮ‍‌ᠵᠰ ᠤᠨ ᠪᠦᠭᠦᠳᠡ ᠬᠤᠷᠠᠯ ᠵᠢᠴᠢ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠨᠠᠷ ᠤᠨ ᠬᠤᠷᠠᠯ ᠬᠤᠷᠠᠯᠳᠤᠵᠠᠢ ᠭᠤᠤ ᡁᠢ ᠳ᠋ᠠᠨ ᠬᠤᠷᠠᠯ ᠣᠷᠣᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/2/27
    2 ᠰᠠᠷ᠎ᠠ ᠶᠢᠨ 17᠎ ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠪᠦᠭᠦᠳᠡ ᠬᠤᠷᠠᠯ ᠵᠢᠴᠢ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠨᠠᠷ ᠤᠨ ᠬᠤᠷᠠᠯ ᠬᠥᠯᠥᠨ ᠪᠤᠶᠢᠷ ᠲᠤ ᠬᠤᠷᠠᠯᠳᠤᠪᠠ᠃ ᠵᠣᠬᠢᠶᠠᠨ ᠪᠠᠶᠢᠭᠤᠯᠬᠤ ᠺᠣᠮᠢᠰ ᠤᠨ ᠡᠷᠬᠢᠯᠡᠭᠴᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠭᠤᠤ ᡁᠢ ᠳ᠋ᠠᠨ ᠬᠤᠷᠠᠯ ᠣᠷᠣᠯᠴᠠᠵᠤ ᠶᠠᠷᠢᠶ᠎ᠠ ᠲᠠᠯᠪᠢᠪᠠ᠃ ᠵᠣᠬᠢᠶᠠᠨ ᠪᠠᠶᠢᠭᠤᠯᠬᠤ ᠺᠣᠮᠢᠰ ᠤᠨ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ᠃ ᠵᠣᠬᠢᠶᠠᠨ ᠪᠠᠶᠢᠭᠤᠯᠬᠤ ᠺᠣᠮᠢᠰ ᠤᠨ ᠳᠡᠳ᠋ ᠡᠷᠬᠢᠯᠡᠭᠴᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠠᠩ ᠵᠢᠶᠠ ᠱᠧᠩ ᠬᠤᠷᠠᠯ ᠢ ᠡᠷᠬᠢᠯᠡᠵᠡᠢ᠃    ᠭᠤᠤ ᡁᠢ ᠳ᠋ᠠᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠬᠦ ᠪᠠᠷ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠶᠢᠨ ᠲᠠᠮᠢᠷ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠦᠢᠯᠡᠳᠦᠯᠭᠡ ᠪᠣᠯᠭᠠᠵᠤ᠂ ᠪᠥᠬᠦ ᠤᠯᠤᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢᠨ ᠰᠢᠨ᠎ᠡ ᠠᠮᠵᠢᠯᠲᠠ ᠪᠦᠲᠦᠮᠵᠢ ᠶᠢ ᠢᠯᠡᠷᠡᠭᠦᠯᠬᠦ ᠴᠢᠬᠤᠯᠠ ᠲᠠᠪᠴᠠᠩ ᠪᠣᠯᠭᠠᠵᠤ᠂ ᠥᠪᠥᠷ ᠮᠣᠩᠭᠤᠯ ᠤᠨ ᠨᠡᠶᠢᠭᠡᠮ ᠤᠨ ᠡᠶ᠎ᠡ ᠵᠣᠬᠢᠴᠠᠩᠭᠤᠢ ᠂ ᠬᠢᠯᠢ ᠬᠢᠵᠠᠭᠠᠷ ᠤᠨ ᠲᠣᠭᠲᠠᠭᠤᠨ᠂ ᠦᠨᠳᠦᠰᠦᠲᠡᠨ ᠤ ᠪᠦᠯᠬᠦᠮᠳᠡᠯ ᠢ ᠢᠯᠡᠷᠡᠭᠦᠯᠬᠦ ᠴᠢᠬᠤᠯᠠ ᠴᠣᠩᠬᠤᠪᠴᠢ ᠪᠣᠯᠭᠠᠵᠤ᠂ ᠡᠯ᠎ᠡ ᠵᠦᠢᠯ ᠤᠨ ᠠᠵᠢᠯ ᠡᠭᠦᠷᠭᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾᠎ ᠢ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠶᠡᠷᠦᠩᠬᠡᠢ ᠱᠦᠵᠢ᠂ ᠨᠠᠮ ᠤᠨ ᠲᠥᠪ ᠬᠤᠷᠢᠶ᠎ᠠ ᠪᠣᠯᠣᠨ ᠪᠥᠬᠦ ᠤᠯᠤᠰ ᠤᠨ ᠠᠷᠠᠳ ᠲᠦᠮᠡᠨ ᠤ ᠢᠲᠡᠭᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠭᠤᠤ ᡁᠢ ᠳ᠋ᠠᠨ᠂ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ︔ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠤᠷᠤᠯᠳᠤᠭᠠᠨ ᠤ ᠰᠤᠷᠲᠠᠯ ᠤᠷᠤᠯᠳᠤᠭᠠᠨ ᠤ ᠰᠠᠬᠢᠯᠭ᠎ᠠ ᠪᠠᠲᠤ ᠪᠠ ᠬᠥᠭᠡᠷᠦᠭᠦᠯᠬᠦ ᠡᠮ ᠬᠡᠷᠡᠭᠯᠡᠬᠦ ᠶᠢ ᠡᠰᠡᠷᠭᠦᠴᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ︔ ᠠᠯᠳᠠᠭᠳᠠᠯ ᠢ ᠪᠠᠶᠢᠴᠠᠭᠠᠨ ᠳᠤᠲᠠᠭᠳᠠᠯ ᠢ ᠨᠥᠬᠦᠪᠦᠷᠢᠯᠡᠵᠦ᠂ ᠤᠷᠤᠯᠳᠤᠭᠠᠨ ᠤ ᠠᠮᠤᠷ ᠲᠦᠪᠰᠢᠨ ᠡᠮᠬᠢ ᠳᠢᠭᠯᠢᠮ ᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ︔ ᠨᠢᠭᠡᠳᠦᠯᠲᠡᠢ ᠲᠥᠯᠥᠪᠵᠢᠭᠦᠯᠬᠦ ᠶᠢ ᠴᠢᠨᠠᠭᠰᠢᠳᠠ ᠴᠢᠩᠭᠠᠳᠬᠠᠵᠤ᠂ ᠤᠷᠤᠯᠳᠤᠭᠠᠨ ᠤ ᠬᠤᠭᠤᠴᠠᠭᠠᠨ ᠳᠠᠬᠢ ᠵᠢᠯᠣᠭᠤᠳᠤᠨ ᠲᠣᠬᠢᠷᠠᠭᠤᠯᠬᠤ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ︔ ᠤᠬᠠᠭᠤᠯᠭ᠎ᠠ ᠶᠢ ᠴᠢᠨᠠᠭᠰᠢᠳᠠ ᠴᠢᠩᠭᠠᠳᠬᠠᠵᠤ᠂ ᠪᠦᠯᠬᠦᠮᠳᠡᠨ ᠲᠡᠮᠡᠴᠡᠭᠰᠡᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠢᠳᠡᠪᠬᠢᠲᠡᠢ ᠪᠣᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠵᠧᠩ ᠬᠤᠩ ᠹᠠᠨ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠲᠤᠬᠠᠢ ᠴᠢᠬᠤᠯᠠ ᠥᠭᠦᠯᠡᠯᠲᠡ ᠪᠣᠯᠣᠨ ︽ᠭᠤᠷᠪᠠᠨ ᠳ᠋ᠦᠩᠰᠢᠭᠤᠷ ᠬᠥᠮᠥᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠬᠦᠴᠦᠨ ᠢ ᠳᠠᠶᠢᠴᠢᠯᠠᠨ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠪᠣᠢ ᠪᠦᠬᠦᠢ ᠠᠵᠢᠯ ᠴᠥᠮ ᠪᠡᠯᠡᠬᠡᠨ ᠪᠣᠯᠵᠠᠢ᠃ ᠴᠤᠭᠯᠠᠭᠠᠨ ᠤ ᠡᠷᠬᠢᠯᠡᠭᠴᠢ ᠲᠠᠯ᠎ᠠ ᠪᠣᠯᠣᠭᠰᠠᠨ ᠤ ᠬᠤᠪᠢ ᠳᠤ᠂ ᠥᠪᠥᠷ ᠮᠣᠩᠭᠤᠯ ᠵᠣᠬᠢᠶᠠᠨ ᠪᠠᠶᠢᠭᠤᠯᠬᠤ ᠺᠣᠮᠢᠰ ᠤᠨ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠢᠭᠡ ᠬᠤᠭᠤᠴᠠᠭᠠᠨ ᠤ ᠥᠨᠳᠥᠷ ᠬᠢᠷᠢ ᠲᠦᠪᠰᠢᠨ ᠲᠠᠢ᠂ ᠴᠢᠨᠠᠷ ᠰᠠᠶᠢᠲᠠᠢ ᠮᠥᠰᠥ ᠴᠠᠰᠤᠨ ᠤ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠡᠷᠬᠢᠯᠡᠨ᠎ᠡ ᠭᠡᠵᠡᠢ᠃    ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠦᠷᠢᠯᠳᠦᠬᠦᠨ᠂ ᠵᠣᠬᠢᠶᠠᠨ ᠪᠠᠶᠢᠭᠤᠯᠬᠤ ᠺᠣᠮᠢᠰ ᠤᠨ ᠡᠯ᠎ᠡ ᠰᠠᠯᠠᠭ᠎ᠠ ᠮᠥᠴᠢᠷ ᠪᠣᠯᠣᠨ ᠤᠷᠤᠯᠳᠤᠭᠠᠨ ᠤ ᠲᠣᠭᠤᠷᠢᠭ ᠤᠨ ᠭᠦᠢᠴᠡᠳᠬᠡᠬᠦ ᠺᠣᠮᠢᠰ ᠤᠨ ᠬᠠᠷᠢᠭᠤᠴᠠᠯᠭᠠᠲᠠᠨ᠂ ᠬᠡᠰᠡᠭ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ᠂ ᠡᠯ᠎ᠡ ᠮᠤᠵᠢ ︵ᠣᠷᠣᠨ᠂ ᠬᠤᠲᠠ︶ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1