ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠡᠨᠧᠷᠭᠢ ᠠᠷᠪᠢᠯᠠᠵᠤ ᠪᠣᠬᠢᠷᠳᠤᠯ ᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ 2024 ᠣᠨ ᠤ ᠡᠨᠧᠷᠭᠢ ᠠᠷᠪᠢᠯᠠᠬᠤ ᠠᠵᠢᠯ ᠤᠨ ᠭᠤᠣᠯᠳᠠᠯᠭ᠎ᠠ ᠵᠡᠷᠭᠡ ᠶᠠᠪᠤᠳᠠᠯ ᠢ ᠰᠤᠳᠤᠯᠪᠠ
ᠨᠡᠶᠢᠲᠡᠯᠡᠭᠰᠡᠨ ᠴᠠᠭ᠄
2024/2/27
    2 ᠰᠠᠷ᠎ᠠ ᠶᠢᠨ 22᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠡᠨᠧᠷᠭᠢ ᠠᠷᠪᠢᠯᠠᠵᠤ ᠪᠣᠬᠢᠷᠳᠤᠯ ᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠶᠠᠰᠤ ᠴᠢᠨᠠᠷ ᠢ ᠳᠡᠭᠡᠭᠰᠢᠯᠡᠭᠦᠯᠭᠦ᠂ ᠳᠦᠷᠢᠮ ᠤᠨ ᠬᠠᠩᠭᠠᠯᠭ᠎ᠠ ᠶᠢᠨ ᠰᠢᠰᠲ᠋ᠧᠮ ᠢ ᠬᠤᠷᠠᠮᠳᠤᠭᠤᠯᠬᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ ᠤᠶᠠᠯᠳᠤᠭᠤᠯᠬᠤ᠂ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠲᠥᠪᠯᠡᠷᠡᠭᠦᠯᠬᠦ᠂ ᠰᠢᠨ᠎ᠡ ᠶᠢ ᠡᠭᠦᠳᠬᠦ ᠴᠢᠳᠠᠪᠤᠷᠢ ᠶᠢᠨ ᠲᠠᠰ ᠢ ᠳᠡᠭᠡᠭᠰᠢᠯᠡᠭᠦᠯᠭᠦ ᠵᠡᠷᠭᠡ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠰᠦ ᠶᠢᠨ ᠦᠢᠯᠡᠰ᠂ ᠬᠤᠪᠣᠷ ᠰᠢᠷᠣᠢ᠂ ᠰᠢᠨ᠎ᠡ ᠡᠨᠧᠷᠭᠢ ᠶᠢᠨ ᠲᠣᠭᠤᠷᠢᠨ ᠳᠤ ᠦᠢᠯᠡᠳᠪᠦᠷᠢᠯᠡᠯ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠪᠡᠯᠡ ᠮᠥᠩᠭᠦ ᠶᠢᠨ ᠬᠤᠯᠪᠤᠭ᠎ᠠ ᠶᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠣᠯᠣᠨ ᠴᠢᠳᠠᠪᠤᠷᠢᠲᠠᠨ ᠤ ᠭᠠᠵᠠᠷ ᠣᠷᠣᠨ ᠰᠤᠨᠳᠠᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠭᠠᠵᠠᠷ ᠣᠷᠣᠨ ᠰᠤᠨᠳᠠᠯᠠᠬᠤ ᠶᠢ ᠰᠠᠶᠢᠲᠤᠷ ᠪᠦᠲᠦᠭᠡᠨ ᠪᠠᠶᠢᠭᠤᠯᠵᠤ ᠂ ᠶᠡᠷᠦ ᠪᠤᠰᠤ ᠶᠢᠨ ᠠᠷᠭ᠎ᠠ ᠬᠡᠮᠵᠢᠶ᠎ᠡ ᠪᠠᠷ ᠮᠠᠨ ᠤ ᠣᠷᠣᠨ ᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠦᠷᠭᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠭᠢᠨ ᠵᠥᠪᠯᠡᠬᠦ ᠬᠠᠤᠯᠢ︾᠎ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠥᠯ︶᠎ ᠶᠢ ᠰᠤᠳᠤᠯᠵᠤ᠂ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠬᠥᠲᠥᠯᠥᠮᠵᠢ ᠪᠤᠯᠭᠠᠵᠤ᠂ ᠵᠠᠷᠭᠤ ᠶᠢᠨ ᠪᠤᠰᠤ ᠵᠠᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠭᠥᠯᠢᠶᠡᠨ ᠠᠪᠴᠤ ᠰᠢᠢᠳᠪᠦᠷᠢᠯᠡᠬᠦ ᠠᠴᠠ ᠡᠮᠦᠨ᠎ᠡ ᠡᠶᠡᠳᠡᠭᠦᠯᠬᠦ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠳᠠᠭᠢᠨ ᠵᠥᠪᠯᠡᠬᠦ ᠶᠢ ︽ᠲᠠᠰᠤᠯᠤᠯᠲᠠ ᠪᠠᠷ ᠭᠤᠣᠯ ᠪᠤᠯᠭᠠᠬᠤ︾᠎ ᠠᠴᠠ ︽ᠲᠠᠰᠤᠯᠬᠤ ᠪᠠ ᠡᠶᠡᠳᠡᠭᠦᠯᠬᠦ ᠶᠢ ᠵᠡᠷᠭᠡᠪᠡᠷ ᠴᠢᠬᠤᠯᠠᠴᠢᠯᠠᠬᠤ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠵᠠᠰᠠᠭ ᠵᠠᠬᠢᠷᠭᠠᠨ ᠤ ᠳᠠᠭᠢᠨ ᠵᠥᠪᠯᠡᠬᠦ ᠶᠢᠨ ︽ᠰᠠᠨᠠᠭᠠᠴᠢᠯᠠᠭᠠᠲᠤ ᠪᠤᠰᠤ︾ ᠬᠢᠨᠠᠯᠲᠠ ᠲᠠᠯᠪᠢᠯᠲᠠ ᠶᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠰᠠᠨᠠᠭᠠᠴᠢᠯᠠᠭ᠎ᠠ︾᠎ ᠠᠴᠠ ᠪᠠᠨ ᠬᠢᠨᠠᠯᠲᠠ ᠲᠠᠯᠪᠢᠬᠤ ᠯᠤᠭ᠎ᠠ ᠤᠶᠠᠯᠳᠤᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 2024 ᠣᠨ ᠤ ᠡᠨᠧᠷᠭᠢ ᠠᠷᠪᠢᠯᠠᠬᠤ ᠠᠵᠢᠯ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠭᠤᠣᠯᠳᠠᠯᠭ᠎ᠠ ᠶᠢ ᠰᠤᠳᠤᠯᠵᠤ᠂ ᠡᠨᠧᠷᠭᠢ ᠶᠢ ᠶᠡᠭᠡ ᠪᠠᠷ ᠬᠡᠷᠡᠭᠯᠡᠬᠦ ᠨᠢ ᠶᠡᠭᠡ ᠭᠠᠳᠠᠭᠰᠢᠯᠠᠭᠤᠯᠤᠯᠲᠠ ᠶᠢ ᠲᠥᠯᠥᠭᠡᠯᠡᠬᠦ ᠦᠭᠡᠢ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠪᠠᠷ ᠤᠷᠢᠲᠠᠯ ᠨᠥᠬᠦᠴᠡᠯ ᠪᠤᠯᠭᠠᠵᠤ᠂ ᠡᠨᠧᠷᠭᠢ ᠶᠢ ᠶᠡᠭᠡ ᠪᠠᠷ ᠬᠡᠷᠡᠭᠯᠡᠬᠦ ᠲᠡᠷᠢᠭᠦᠨ ᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠰᠢᠨ᠎ᠡ ︽ᠬᠤᠶᠠᠷ ᠶᠡᠭᠡ ᠨᠢᠭᠡ ᠪᠠᠭ᠎ᠠ︾ ᠠᠵᠤ ᠦᠢᠯᠡᠰ ᠪᠦᠷᠢᠯᠳᠦᠬᠦ ᠠᠴᠠ ᠡᠷᠡᠰ ᠵᠠᠶᠢᠯᠠᠰᠬᠢᠬᠦ ᠬᠡᠷᠡᠭᠲᠡᠢ᠃ ᠡᠨᠧᠷᠭᠢ᠂ ᠪᠠᠷᠢᠯᠭ᠎ᠠ᠂ ᠵᠠᠮ ᠬᠠᠷᠢᠯᠴᠠᠭ᠎ᠠ᠂ ᠲᠠᠷᠢᠶᠠᠯᠠᠩ ᠵᠡᠷᠭᠡ ᠠᠵᠢᠯ ᠲᠥᠷᠥᠯ ᠤᠨ ᠬᠦᠷᠢᠶᠡᠨ ᠤ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢ ᠤᠯᠠᠮ ᠲᠣᠳᠣᠷᠬᠠᠢ ᠪᠤᠯᠭᠠᠵᠤ᠂ ᠡᠨᠧᠷᠭᠢ ᠶᠢᠨ ᠬᠤᠷᠣᠭᠳᠠᠭᠤᠯᠤᠯ ᠤᠨ ᠬᠢᠨᠠᠨ ᠬᠡᠮᠵᠢᠯᠲᠡ ᠶᠢ ᠴᠢᠩᠭᠠᠳᠬᠠᠨ᠂ ᠡᠨᠧᠷᠭᠢ ᠠᠷᠪᠢᠯᠠᠬᠤ ᠬᠠᠮᠢᠶᠠᠷᠤᠯᠲᠠ ᠶᠢ ᠨᠠᠷᠢᠯᠢᠭᠵᠢᠭᠤᠯᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠡᠨᠧᠷᠭᠢ ᠶᠢ ᠰᠢᠩᠭᠡᠭᠡᠬᠦ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ᠂ ᠪᠦᠭᠦ ᠵᠢᠯ ᠳᠤ ᠲᠤᠰ ᠭᠠᠵᠠᠷ ᠤᠨ ᠰᠢᠨ᠎ᠡ ᠡᠨᠧᠷᠭᠢ ᠶᠢᠨ ᠴᠠᠭᠢᠯᠭᠠᠨ ᠢ ᠰᠢᠩᠭᠡᠭᠡᠬᠦ ᠬᠡᠮᠵᠢᠶ᠎ᠡ ᠶᠢ 1600 ᠳ᠋ᠦᠩᠰᠢᠭᠤᠷ ᠺᠢᠯᠣᠸᠠᠲ ᠴᠠᠭ ᠢ ᠳᠠᠪᠠᠭᠤᠯᠬᠤ ᠪᠠᠷ ᠴᠢᠷᠮᠠᠶᠢᠬᠤ ᠬᠡᠷᠡᠭᠲᠡᠢ᠃ ᠪᠠᠭ᠎ᠠ ᠨᠡᠭᠦᠷᠡᠰᠦᠲᠥ᠋ᠷᠥᠭᠴᠢᠲᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠶᠢ ᠴᠢᠩᠭᠠᠳᠬᠠᠵᠤ᠂ ᠪᠠᠭ᠎ᠠ ᠨᠡᠭᠦᠷᠡᠰᠦᠲᠥ᠋ᠷᠥᠭᠴᠢᠲᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠂ ᠵᠢᠵᠢᠭ ᠪᠠᠯᠭᠠᠰᠤ ᠵᠡᠷᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠳᠣᠷᠬᠠᠶᠢᠯᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠵᠠᠮ ᠢᠶᠠᠷ ᠯᠠᠪᠳᠠᠭᠤᠨ ᠪᠠᠲᠤᠲᠠᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠳᠦᠷᠢᠮ ᠵᠡᠷᠭᠡ ᠣᠷᠣᠨ ᠨᠤᠲᠤᠭ ᠤᠨ ᠴᠢᠨᠠᠷᠲᠠᠢ 7 ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠥᠰᠥᠯ ᠵᠡᠷᠭᠡ ᠶᠠᠪᠤᠳᠠᠯ ᠢ ᠰᠤᠳᠤᠯᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1