2 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ | ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ᠃ | ᠬᠤᠷᠠᠯ ᠠᠴᠠ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ | ᠳᠥᠷᠪᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ | ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠤᠯᠪᠣᠭᠳᠠᠯ ᠪᠦᠬᠦᠢ ᠥᠭᠡᠷᠡᠴᠢᠯᠡᠯᠲᠡ ᠶᠢ ᠰᠠᠶᠢᠲᠤᠷ | ᠲᠥᠯᠥᠪᠵᠢᠭᠦᠯᠦᠨ ᠬᠡᠷᠡᠭᠵᠢᠭᠦᠯᠬᠦ ᠬᠡᠷᠡᠭᠲᠡᠢ᠃ ᠭᠠᠵᠠᠷ ᠰᠢᠷᠣᠢ ᠶᠢᠨ ᠠᠰᠠᠭᠤᠳᠠᠯ ᠢ ᠪᠦᠭᠦ ᠬᠡᠯᠬᠢᠶ᠎ᠡ ᠪᠠᠷ ᠭᠦᠨᠵᠡᠭᠡᠢ | ᠰᠤᠳᠤᠯᠵᠤ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ | ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ | ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠢ ᠠᠬᠢᠭᠤᠯᠵᠤ᠂ ᠵᠠᠩᠭᠢᠯᠠᠭ᠎ᠠ ᠶᠢᠨ ᠬᠦᠷᠢᠶ᠎ᠡ ᠪᠣᠯᠣᠨ ᠪᠠᠭᠤᠷᠠᠢ | ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ | ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠰᠢᠯᠤᠭᠤᠳᠬᠠᠵᠤ᠂ ᠪᠣᠳᠠᠲᠤ | ᠪᠠᠶᠢᠯᠳᠤᠭᠠᠨ ᠳᠤ ᠶᠠᠭᠠᠬᠢᠪᠠᠯ ᠠᠰᠢᠭᠲᠠᠢ ᠪᠣᠯ ᠲᠡᠭᠡᠵᠦ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠮᠦᠨᠡᠲᠦ ᠲᠦᠢᠯ ᠤᠨ ᠴᠢᠨᠯᠢᠩ | ᠥᠷᠲᠡᠭᠡ ᠳᠤ ᠢᠯᠡᠭᠡᠭᠰᠡᠨ ᠪᠠᠶᠠᠷ ᠤᠨ ᠵᠠᠬᠢᠳᠠᠯ ᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ | ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ᠃ | ᠬᠤᠷᠠᠯ ᠠᠴᠠ ︽ᠦᠨᠡᠨ︾ ᠰᠡᠳᠬᠦᠯ ᠤᠨ 2024 ᠣᠨ ᠤ 4 ᠳ᠋ᠦ᠋ᠭᠡᠷ ᠬᠤᠭᠤᠴᠠᠭᠠᠨ ᠳᠤ ᠨᠡᠶᠢᠲᠡᠯᠡᠭᠰᠡᠨ | ᠶᠡᠷᠦᠩᠬᠡᠢ ᠱᠦᠵᠢ ᠰᠢ ᠶᠢᠨ ᠫᠢᠩ ᠤᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠵᠦ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠶ᠎ᠠ︾ ᠭᠡᠬᠦ | ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠦ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠢᠮᠠᠭᠲᠠ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠵᠢᠯ ᠤᠨ ᠪᠦᠭᠦ ᠶᠠᠪᠤᠴᠠ ᠳᠠᠭᠠᠨ | ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠣᠭᠤᠷᠢᠨ ᠳᠤ ᠡᠭᠦᠷᠭᠡᠯᠡᠯ ᠡᠭᠦᠷᠭᠡᠯᠡᠨ | ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠭᠤᠯᠤᠭᠰᠠᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠲᠣᠭᠲᠠᠴᠠ ᠶᠢ ᠰᠠᠶᠢᠲᠤᠷ ᠬᠡᠷᠡᠭᠯᠡᠨ᠂ | ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠠᠰᠠᠭᠤᠳᠠᠯ ᠢ | ᠢᠳᠡᠪᠬᠢᠲᠡᠢ ᠪᠠᠷ ᠲᠤᠰᠬᠠᠬᠤ᠂ ᠬᠢᠨᠠᠯᠲᠠ ᠲᠠᠯᠪᠢᠬᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢ | ᠵᠣᠷᠢᠭᠵᠢᠭᠤᠯᠤᠨ ᠳᠡᠮᠵᠢᠬᠦ ᠬᠡᠷᠡᠭᠲᠡᠢ᠃ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠰᠢᠰᠲ᠋ᠧᠮ ᠳᠠᠬᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢᠨ ᠴᠢᠬᠤᠯᠠ ᠦᠢᠯᠡᠳᠦᠯ ᠢ ᠨᠡᠩ ᠰᠠᠶᠢᠲᠤᠷ | ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢᠨ ᠡᠷᠬᠡ ᠰᠦᠷᠲᠦ ᠴᠢᠨᠠᠷ ᠪᠠ | ᠲᠥᠪ ᠴᠢᠩᠭ᠎ᠠ ᠴᠢᠨᠠᠷ ᠢ ᠰᠠᠶᠢᠲᠤᠷ ᠬᠠᠮᠠᠭᠠᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ | ᠪᠠᠶᠢᠭᠤᠯᠤᠭᠳᠠᠭᠰᠠᠨ ᠠᠴᠠ ᠨᠠᠭᠠᠰᠢᠬᠢ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠲᠠᠢ ᠤᠶᠠᠯᠳᠤᠭᠤᠯᠵᠤ᠂ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ ᠠᠮᠵᠢᠯᠲᠠ ᠲᠠᠢ ᠦᠢᠯᠡᠳᠦᠯᠭᠡ ᠶᠢ ᠰᠠᠶᠢᠲᠤᠷ | ᠳ᠋ᠦᠩᠨᠡᠵᠦ᠂ ᠳᠤᠮᠳᠠᠳᠤ ᠤᠯᠤᠰ ᠤᠨ ᠠᠷᠠᠳᠴᠢᠯᠠᠯ ᠤᠨ ᠦᠯᠢᠭᠡᠷ ᠤᠨ ︽ᠥᠪᠥᠷ ᠮᠣᠩᠭᠤᠯ ᠤᠨ ᠬᠠᠭᠤᠳᠠᠰᠤ︾ ᠶᠢ | ᠰᠠᠶᠢᠲᠤᠷ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢᠨ ︽ᠨᠠᠮ ᠤᠨ ᠪᠠᠶᠢᠭᠤᠯᠤᠯᠲᠠ ᠶᠢᠨ ᠬᠠᠭᠤᠳᠠᠰᠤ︾᠂ ︽ᠥᠪᠥᠷ ᠮᠣᠩᠭᠤᠯ ᠤᠨ | ᠬᠠᠭᠤᠳᠠᠰᠤ︾ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠭᠦ ᠤᠯᠤᠰ ᠤᠨ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠤᠯᠲᠠ ᠶᠢᠨ | ᠱᠤᠭᠤᠮ ᠤᠨ ᠤᠯᠤᠰ ᠲᠦᠷᠦ ᠶᠢᠨ ᠱᠤᠭᠤᠮ ᠳᠤ ᠦᠢᠯᠡᠴᠢᠯᠡᠬᠦ ᠬᠦᠴᠦᠯᠡᠬᠦ ᠴᠡᠭ ᠢ ᠤᠯᠠᠮ ᠪᠣᠳᠠᠲᠠᠶᠢᠵᠢᠭᠤᠯᠤᠨ | ᠨᠠᠷᠢᠯᠢᠭᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ | ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠯᠤᠰ ᠲᠥᠷᠥ ᠶᠢᠨ | ᠪᠠᠷᠢᠮᠵᠢᠶ᠎ᠠ ᠶᠢ ᠲᠣᠪᠤᠶᠢᠯᠭᠠᠨ ᠤᠳᠤᠷᠢᠳᠬᠤ ᠪᠠᠭ ᠪᠣᠯᠣᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ | ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ | ᠴᠢᠩᠭᠠᠳᠬᠠᠨ ᠰᠠᠶᠢᠵᠢᠷᠠᠭᠤᠯᠵᠤ᠂ ᠨᠠᠩ ᠴᠢᠩᠭ᠎ᠠ ᠡᠷᠴᠢᠮ ᠢᠶᠠᠷ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠵᠤ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠴᠢᠳᠠᠪᠤᠷᠢᠲᠠᠨ ᠤ | ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃ ᠦᠨᠳᠦᠰᠦᠨ ᠱᠠᠲᠤᠨ ᠤ ᠫᠠᠶᠢᠰᠠ ᠤᠯᠠᠨ | ᠡᠯᠭᠦᠬᠦ᠂ ︽ᠶᠡᠭᠡ ᠲᠡᠷᠭᠡᠨ ᠳᠤ ᠤᠨᠠᠭ᠎ᠠ ᠬᠥᠯᠬᠦ︾ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠦᠨᠳᠦᠰᠦᠨ | ᠱᠠᠲᠤᠨ ᠤ ᠺᠠᠳ᠋ᠷ ᠤᠨ ᠬᠦᠯᠢᠶᠡᠰᠦ ᠶᠢ ᠦᠨᠡᠨ ᠬᠦ ᠰᠤᠯᠠᠷᠠᠭᠤᠯᠤᠨ ᠳᠠᠷᠤᠭᠠᠰᠤ ᠶᠢ ᠨᠢ ᠬᠥᠩᠭᠡᠷᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠠᠲᠤᠨ ᠭᠤᠣᠯ ᠤᠨ ︽ᠶᠡᠭᠡ ᠲᠣᠬᠤᠢ︾ ᠶᠢᠨ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ | ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ | ᠠᠰᠢᠭᠯᠠᠬᠤ ᠲᠦᠪᠰᠢᠨ ᠢ ᠦᠷᠭᠦᠯᠵᠢᠯᠡᠨ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠲᠠᠢ ᠤᠶᠠᠯᠳᠤᠭᠤᠯᠵᠤ᠂ ᠬᠠᠳᠤᠨ ᠭᠤᠣᠯ ᠤᠨ ᠰᠣᠶᠣᠯ ᠢ ᠰᠤᠳᠤᠯᠤᠨ ᠲᠠᠶᠢᠯᠪᠤᠷᠢᠯᠠᠬᠤ ᠶᠢ | ᠴᠢᠩᠭᠠᠳᠬᠠᠬᠤ ᠬᠡᠷᠡᠭᠲᠡᠢ᠃ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠢ ᠠᠬᠢᠭᠤᠯᠵᠤ᠂ ᠴᠠᠭ ᠲᠤᠬᠠᠢ ᠳᠤᠨᠢ ᠳᠠᠩᠰᠠ ᠲᠤᠰᠢᠶᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ︽︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ ᠲᠦᠮᠡᠨ ᠲᠣᠰᠬᠤᠨ ᠢ ᠴᠡᠭᠴᠡᠯᠡᠨ ᠵᠠᠰᠠᠬᠤ﹀ | ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | |