ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ 18 ᠠᠯᠲᠠᠨ ᠮᠧᠳᠠᠯ 17 ᠮᠥᠩᠭᠦᠨ ᠮᠧᠳᠠᠯ 24 ᠬᠦᠷᠡᠯ ᠮᠧᠳᠠᠯ ᠣᠯᠪᠠ
ᠨᠡᠶᠢᠲᠡᠯᠡᠭᠰᠡᠨ ᠴᠠᠭ᠄
2024/2/29
    2 ᠰᠠᠷ᠎ᠠ ᠶᠢᠨ 27᠎ ᠤ ᠦᠳᠡ ᠶᠢᠨ ᠬᠤᠶᠢᠨ᠎ᠠ᠂ ᠰᠤᠷᠪᠤᠯᠵᠢᠯᠠᠭᠴᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠡᠭᠡᠷ᠎ᠡ ᠨᠡᠶᠢᠲᠡ 30 ᠲᠥᠯᠥᠭᠡᠯᠡᠭᠴᠢᠳ ᠤᠨ ᠪᠦᠯᠬᠦᠮ ᠱᠠᠩᠨᠠᠯ ᠤᠨ ᠮᠧᠳᠠᠯ ᠣᠯᠵᠤ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ 18 ᠠᠯᠲᠠᠨ ᠮᠧᠳᠠᠯ᠂ 17 ᠮᠥᠩᠭᠦᠨ ᠮᠧᠳᠠᠯ᠂ 24 ᠬᠦᠷᠡᠯ ᠮᠧᠳᠠᠯ ᠤᠨ ᠬᠢᠷᠢ ᠪᠦᠲᠦᠮᠵᠢ ᠪᠠᠷ ᠲᠡᠦᠬᠡ ᠶᠢᠨ ᠬᠠᠮᠤᠭ ᠤᠨ ᠰᠠᠶᠢᠨ ᠲᠡᠮᠳᠡᠭᠯᠡᠯ ᠢ ᠡᠭᠦᠳᠴᠡᠢ᠃    ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠳᠡᠳ᠋ ᠨᠠᠷᠢᠨ ᠪᠢᠴᠢᠭ ᠤᠨ ᠳᠠᠷᠤᠭ᠎ᠠ ᠳ᠋ᠦ᠋ ᠪᠦᠸᠧ ᠵᠢᠶᠦ᠋ᠨ ᠤ ᠲᠠᠨᠢᠯᠴᠠᠭᠤᠯᠤᠭᠰᠠᠨ ᠢᠶᠠᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠡᠯ᠎ᠡ ᠲᠥᠷᠥᠯ ᠤᠨ ᠵᠣᠴᠢᠳ ᠤᠨ ᠬᠡᠷᠡᠭᠴᠡᠭᠡ ᠶᠢ ᠭᠦᠢᠴᠡᠳ ᠪᠣᠯᠳᠣᠯᠬᠢᠯᠠᠵᠤ᠂ ᠠᠵᠢᠯ ᠲᠥᠷᠥᠯ ᠢᠶᠠᠷ ᠵᠣᠴᠢᠯᠠᠬᠤ ᠪᠠᠲᠤᠯᠠᠭ᠎ᠠ ᠶᠢᠨ ᠲᠥᠰᠥᠯ ᠢ ᠲᠥᠷᠥᠯ ᠬᠤᠪᠢᠶᠠᠨ ᠨᠢᠮᠪᠠᠢ ᠲᠣᠭᠲᠠᠭᠠᠵᠤ᠂ 41 ᠲᠣᠭᠲᠠᠭᠰᠠᠨ ᠴᠡᠭ ᠤᠨ ᠪᠠᠭᠤᠳᠠᠯ ᠳᠤ ᠨᠡᠶᠢᠲᠡ 1.06 ᠲᠦᠮᠡᠨ ᠬᠥᠮᠥᠨ ᠤᠳᠠᠭ᠎ᠠ ᠶᠢ ᠬᠦᠯᠢᠶᠡᠨ ᠠᠪᠴᠤ ᠵᠣᠴᠢᠯᠠᠵᠠᠢ᠃ ᠡᠯ᠎ᠡ ᠤᠷᠤᠯᠳᠤᠭᠠᠨ ᠤ ᠲᠣᠭᠤᠷᠢᠭ ᠨᠢ ︽ᠬᠠᠮᠤᠭ ᠤᠨ ᠣᠬᠤᠷ ᠴᠠᠭ᠂ ᠬᠠᠮᠤᠭ ᠤᠨ ᠰᠠᠶᠢᠨ ᠵᠠᠮ ᠱᠤᠭᠤᠮ︾ ᠪᠠᠶᠢᠬᠤ ᠵᠠᠷᠴᠢᠮ ᠶᠣᠰᠣᠭᠠᠷ᠂ ᠤᠷᠤᠯᠳᠤᠭᠠᠨ ᠤ ᠬᠤᠭᠤᠴᠠᠭᠠᠨ ᠳᠠᠬᠢ ᠵᠠᠮ ᠬᠠᠷᠢᠯᠴᠠᠭᠠᠨ ᠤ ᠱᠤᠭᠤᠮ ᠢ ᠲᠥᠯᠥᠪᠵᠢᠭᠦᠯᠵᠦ᠂ ᠠᠵᠢᠯ ᠤᠨ ᠲᠤᠰᠬᠠᠢ ᠠᠩᠭᠢ ᠶᠢ ᠲᠣᠮᠢᠯᠠᠨ ᠰᠠᠭᠤᠯᠭᠠᠵᠤ᠂ ᠵᠠᠮ ᠬᠠᠷᠢᠯᠴᠠᠭᠠᠨ ᠤ ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠪᠠᠲᠤᠯᠠᠵᠤ᠂ ᠤᠷᠤᠯᠳᠤᠭᠠᠨ ᠤ ᠬᠤᠭᠤᠴᠠᠭᠠᠨ ᠳᠤ ᠨᠡᠶᠢᠲᠡᠯᠡᠭᠰᠡᠨ 4400 ᠭᠠᠷᠤᠢ ᠲᠡᠷᠭᠡ ᠤᠳᠠᠭ᠎ᠠ ᠲᠣᠮᠢᠯᠠᠨ᠂ 13.7 ᠲᠦᠮᠡᠨ ᠬᠥᠮᠥᠨ ᠤᠳᠠᠭ᠎ᠠ ᠳᠤ ᠲᠦᠷᠭᠡᠨ ᠳᠥᠲᠡ ᠪᠥᠭᠡᠳ ᠥᠨᠳᠥᠷ ᠪᠦᠲᠦᠮᠵᠢᠲᠡᠢ ᠶᠠᠪᠤᠵᠤ ᠰᠠᠭᠤᠬᠤ ᠦᠢᠯᠡᠴᠢᠯᠡᠭᠡ ᠬᠠᠩᠭᠠᠪᠠ᠃ 2000 ᠰᠠᠶᠢᠨ ᠳᠤᠷᠠᠴᠤᠳ ᠤᠨ ︽ᠮᠥᠰᠥ ᠴᠠᠰᠤᠨ ᠪᠦᠯᠬᠦᠮ︾᠎ ᠨᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠬᠠᠯᠠᠭᠤᠨ ᠦᠢᠯᠡᠴᠢᠯᠡᠭᠡ ᠬᠠᠩᠭᠠᠪᠠ᠃ ᠲᠤᠰᠬᠠᠢ ᠮᠡᠷᠭᠡᠵᠢᠯᠲᠡᠨ ᠢ ᠲᠣᠮᠢᠯᠠᠨ ᠰᠠᠭᠤᠯᠭᠠᠵᠤ᠂ ᠠᠯᠤᠰ ᠠᠴᠠ ᠬᠠᠮᠲᠤᠷᠠᠨ ᠣᠨᠣᠰᠢᠯᠠᠬᠤ᠂ ᠠᠭᠠᠷ ᠤᠨ ᠲᠡᠭᠡᠭᠡᠪᠦᠷᠢ ᠪᠠᠷ ᠠᠪᠤᠷᠠᠨ ᠲᠤᠰᠠᠯᠠᠬᠤ ᠲᠣᠭᠲᠠᠴᠠ ᠶᠢ ᠪᠠᠶᠢᠭᠤᠯᠵᠤ᠂ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠶᠢ 23 ᠲᠣᠭᠲᠠᠭᠠᠵᠤ᠂ 980 ᠬᠥᠮᠥᠨ ᠪᠦᠬᠦᠢ ᠤᠷᠤᠯᠳᠤᠭᠠᠨ ᠤ ᠡᠮᠴᠢᠯᠡᠭᠡᠨ ᠤ ᠪᠠᠲᠤᠯᠠᠭ᠎ᠠ ᠶᠢᠨ ᠡᠩᠨᠡᠭᠡ ᠶᠢ ᠵᠣᠬᠢᠶᠠᠨ ᠪᠠᠶᠢᠭᠤᠯᠪᠠ᠃ ᠳᠥᠷᠪᠡᠳᠦᠭᠡᠷ ᠳᠡᠰ ᠤᠨ ᠠᠮᠤᠷ ᠢ ᠬᠠᠮᠠᠭᠠᠯᠠᠬᠤ ᠵᠢᠯᠣᠭᠤᠳᠬᠤ ᠰᠢᠰᠲ᠋ᠧᠮ ᠢ ᠪᠠᠶᠢᠭᠤᠯᠵᠤ᠂ ᠡᠳᠦᠷ ᠳᠤᠮᠳᠠᠴᠢ ᠪᠠᠷ 1800 ᠭᠠᠷᠤᠢ ᠬᠥᠮᠥᠨ ᠤᠳᠠᠭ᠎ᠠ ᠶᠢᠨ ᠴᠠᠭᠳᠠᠭᠠᠨ ᠤ ᠬᠦᠴᠦᠨ ᠲᠣᠬᠢᠷᠠᠭᠤᠯᠵᠤ᠂ ᠠᠮᠤᠷ ᠲᠦᠪᠰᠢᠨ ᠲᠣᠭᠲᠠᠭᠤᠨ ᠤᠷᠤᠯᠳᠤᠭᠠᠨ ᠡᠷᠬᠢᠯᠡᠬᠦ ᠪᠠ ᠨᠡᠶᠢᠭᠡᠮ ᠤᠨ ᠣᠷᠴᠢᠨ ᠨᠥᠬᠦᠴᠡᠯ ᠢ ᠪᠣᠢ ᠪᠣᠯᠭᠠᠵᠠᠢ ᠭᠡᠪᠡ᠃    ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠵᠤᠷᠭᠠᠨ ᠤ ᠳᠠᠷᠤᠭ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠪᠠᠶᠢᠩᠭᠤ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠵᠠᠩ ᠰᠢᠨ ᠲᠠᠨᠢᠯᠴᠠᠭᠤᠯᠬᠤ ᠳᠠᠭᠠᠨ᠂ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ ᠠᠩᠬ᠎ᠠ ᠤᠳᠠᠭ᠎ᠠ ᠮᠤᠵᠢ ᠣᠷᠣᠨ ᠬᠤᠲᠠ ᠪᠠᠷ ᠨᠢᠭᠡᠴᠢ ᠪᠣᠯᠭᠠᠨ ᠪᠦᠯᠬᠦᠮ ᠵᠣᠬᠢᠶᠠᠨ ᠪᠠᠶᠢᠭᠤᠯᠤᠨ ᠤᠷᠤᠯᠳᠤᠭᠠᠨ ᠳᠤ ᠣᠷᠣᠯᠴᠠᠵᠤ᠂ 35 ᠲᠥᠯᠥᠭᠡᠯᠡᠭᠴᠢᠳ ᠤᠨ ᠪᠦᠯᠬᠦᠮ ᠤᠨ ᠳᠣᠲᠣᠷ᠎ᠠ 26 ᠲᠥᠯᠥᠭᠡᠯᠡᠭᠴᠢᠳ ᠤᠨ ᠪᠦᠯᠬᠦᠮ ᠠᠯᠲᠠᠨ ᠮᠧᠳᠠᠯ ᠣᠯᠵᠤ᠂ 30 ᠲᠥᠯᠥᠭᠡᠯᠡᠭᠴᠢᠳ ᠤᠨ ᠪᠦᠯᠬᠦᠮ ᠱᠠᠩᠨᠠᠯ ᠤᠨ ᠮᠧᠳᠠᠯ ᠣᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠣᠷᠣᠯᠴᠠᠭᠰᠠᠨ ᠲᠥᠯᠥᠭᠡᠯᠡᠭᠴᠢᠳ ᠤᠨ ᠪᠦᠯᠬᠦᠮ ᠤᠨ ᠲᠤᠭ᠎ᠠ᠂ ᠠᠯᠲᠠᠨ ᠮᠧᠳᠠᠯ ᠱᠠᠩᠨᠠᠯ ᠤᠨ ᠮᠧᠳᠠᠯ ᠤᠨ ᠬᠠᠮᠤᠷᠤᠭᠰᠠᠨ ᠬᠡᠪᠴᠢᠶ᠎ᠡ ᠶᠡᠭᠡ ᠪᠠᠷ ᠳᠡᠭᠡᠭᠰᠢᠯᠡᠪᠡ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠡᠷᠬᠢᠯᠡᠬᠦ ᠪᠠᠷ ᠳᠠᠮᠵᠢᠨ᠂ ᠬᠢᠷᠢ ᠲᠦᠪᠰᠢᠨ ᠢ ᠰᠢᠯᠭᠠᠨ ᠪᠠᠶᠢᠴᠠᠭᠠᠬᠤ᠂ ᠡᠩᠨᠡᠭᠡ ᠪᠠᠨ ᠳᠠᠪᠲᠠᠨ ᠪᠣᠯᠪᠠᠰᠤᠷᠠᠭᠤᠯᠬᠤ᠂ ᠰᠢᠨ᠎ᠡ ᠬᠥᠮᠥᠨ ᠢ ᠢᠯᠡᠷᠡᠭᠦᠯᠬᠦ ᠪᠠ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠮᠢᠷᠴᠢᠳ ᠢ ᠪᠣᠯᠪᠠᠰᠤᠷᠠᠭᠤᠯᠬᠤ ᠵᠣᠷᠢᠯᠭ᠎ᠠ ᠳᠠᠭᠠᠨ ᠬᠦᠷᠴᠡᠢ ᠭᠡᠪᠡ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1