ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ 20 ᠵᠦᠢᠯ ᠤᠨ ᠠᠷᠭ᠎ᠠ ᠬᠡᠮᠵᠢᠶ᠎ᠡ ᠠᠪᠴᠤ ᠥᠪᠥᠷ ᠮᠣᠩᠭᠤᠯ ᠤᠨ ᠴᠢᠨᠠᠷ ᠰᠠᠶᠢᠲᠠᠢ ᠬᠦᠭᠵᠢᠯᠲᠡ ᠶᠢ ᠳᠡᠮᠵᠢᠪᠡ
ᠨᠡᠶᠢᠲᠡᠯᠡᠭᠰᠡᠨ ᠴᠠᠭ᠄
2024/2/29
    ᠣᠶᠢᠷ᠎ᠠ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ︽ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠳᠡᠮᠵᠢᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠪᠠ︶᠎ ᠢ ᠳᠠᠷᠤᠮᠠᠯᠯᠠᠨ ᠲᠠᠷᠬᠠᠭᠠᠪᠠ᠃    ᠣᠶᠢᠯᠠᠭᠠᠭᠰᠠᠨ ᠢᠶᠠᠷ᠂ ︽ᠰᠠᠨᠠᠯ︾᠎ ᠳᠤ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠥᠭᠡᠷᠡᠴᠢᠯᠡᠨ ᠲᠡᠭᠦᠯᠳᠡᠷᠵᠢᠭᠦᠯᠬᠦ ᠶᠢ ᠳᠡᠮᠵᠢᠬᠦ᠂ ᠠᠭᠤᠷᠬᠠᠢ ᠮᠠᠯᠲᠠᠬᠤ ᠵᠢᠴᠢ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠲᠥᠰᠦᠯ ᠳᠤ ᠬᠡᠷᠡᠭᠯᠡᠬᠦ ᠭᠠᠵᠠᠷ ᠤᠨ ᠪᠠᠲᠤᠯᠠᠭ᠎ᠠ ᠶᠢ ᠴᠢᠩᠭᠠᠳᠬᠠᠬᠤ᠂ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠤᠨ ᠬᠦᠷᠢᠶᠡᠯᠡᠩ ᠲᠣᠭᠤᠷᠢᠭ ᠤᠨ ᠭᠠᠵᠠᠷ ᠰᠢᠷᠣᠢ ᠶᠢ ᠵᠦᠢ ᠵᠣᠬᠢᠰᠲᠠᠢ ᠬᠡᠷᠡᠭᠯᠡᠬᠦ ᠬᠡᠷᠡᠭᠴᠡᠭᠡ ᠶᠢ ᠪᠠᠲᠤᠯᠠᠬᠤ᠂ ᠨᠡᠶᠢᠭᠡᠮ ᠤᠨ ᠪᠡᠯᠡ ᠮᠥᠩᠭᠦ ᠶᠢ ᠰᠠᠭᠤᠷᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠳᠤ ᠣᠷᠣᠯᠴᠠᠭᠤᠯᠬᠤ ᠲᠤᠷᠰᠢᠯᠲᠠ ᠶᠢ ᠥᠷᠨᠢᠭᠦᠯᠬᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠶᠢ ᠡᠷᠴᠢᠮᠵᠢᠭᠦᠯᠬᠦ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ᠂ ᠨᠡᠭᠦᠷᠡᠰᠦᠨ ᠤ ᠳᠠᠭᠠᠯᠲᠠ ᠡᠬᠢ ᠪᠠᠶᠠᠯᠢᠭ ᠤᠳ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠵᠣᠷᠢᠭᠵᠢᠭᠤᠯᠬᠤ᠂ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠬᠤ 8 ᠲᠠᠯ᠎ᠠ ᠠᠴᠠ 20 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠨᠡᠶᠢᠲᠡᠯᠡᠵᠡᠢ᠃ ᠡᠭᠦᠨ ᠤ ᠬᠠᠮᠲᠤ ᠲᠥᠷᠥ ᠶᠢᠨ ᠪᠣᠳᠣᠯᠭ᠎ᠠ᠂ ᠲᠥᠰᠦᠯ᠂ ᠪᠡᠯᠡ ᠮᠥᠩᠭᠦ ᠵᠡᠷᠭᠡ ᠲᠠᠯ᠎ᠠ ᠪᠠᠷ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠴᠢᠨᠠᠭᠰᠢᠳᠠ ᠤᠯᠠᠮ ᠢᠯᠡᠭᠦᠦ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠨᠢ ᠦᠨᠡᠨ ᠬᠦ ᠠᠬᠢᠭᠤᠯᠤᠨ᠎ᠠ ᠭᠡᠵᠡᠢ᠃    ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ︽ᠰᠠᠨᠠᠯ︾᠎ ᠢ ᠨᠡᠶᠢᠲᠡᠯᠡᠭᠰᠡᠨ ᠨᠢ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠪᠠᠲᠤᠯᠠᠭᠠᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠥᠪᠥᠷ ᠮᠣᠩᠭᠤᠯ ᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠠᠬᠢᠭᠤᠯᠵᠤ᠂ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠢᠳᠡᠪᠬᠢᠲᠡᠢ ᠠᠬᠢᠭᠤᠯᠬᠤ ᠪᠠ ᠪᠠᠲᠤᠯᠠᠬᠤ ᠦᠢᠯᠡᠳᠦᠯ ᠦᠵᠡᠭᠦᠯᠬᠦ ᠪᠣᠯᠣᠨ᠎ᠠ᠃ ᠳᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠨᠡ ᠬᠦ ᠠᠵᠠ ᠲᠣᠬᠢᠶᠠᠯ ᠢ ᠠᠮᠵᠢᠨ᠂ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ᠂ ᠠᠵᠢᠯ ᠤᠨ ᠲᠥᠰᠥᠯ ᠲᠣᠭᠲᠠᠭᠠᠨ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ︽ᠰᠠᠨᠠᠯ︾᠎ ᠢ ᠪᠣᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠤᠯᠤᠰ ᠤᠨ ᠠᠮᠢ ᠠᠬᠤᠢ᠂ ᠡᠨᠧᠷᠭᠢ᠂ ᠠᠮᠤ ᠪᠤᠳᠠᠭ᠎ᠠ᠂ ᠠᠵᠤ ᠦᠢᠯᠡᠰ ᠬᠢᠭᠡᠳ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠨᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1