ᠰᠢ ᠶᠢᠨ ᠫᠢᠩ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠰᠢᠨ᠎ᠡ ᠨᠢᠭᠡ ᠡᠭᠡᠯᠵᠢ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠵᠤ ᠪᠦᠭᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠢ ᠪᠦᠳᠦᠮᠵᠢᠳᠠᠢ ᠪᠠᠭᠤᠷᠠᠭᠤᠯᠬᠤ ᠬᠡᠷᠡᠭᠲᠡᠢ ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
ᠨᠡᠶᠢᠲᠡᠯᠡᠭᠰᠡᠨ ᠴᠠᠭ᠄
2024/2/29
    ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 23᠎ ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 2 ᠰᠠᠷ᠎ᠠ ᠶᠢᠨ 23᠎ ᠤ ᠦᠳᠡ ᠶᠢᠨ ᠬᠤᠶᠢᠨ᠎ᠠ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠰᠠᠭᠤᠳᠠᠯ ᠢ ᠰᠤᠳᠤᠯᠵᠤ᠂ ᠪᠦᠭᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠢ ᠪᠦᠳᠦᠮᠵᠢᠳᠠᠢ ᠪᠠᠭᠤᠷᠠᠭᠤᠯᠬᠤ ᠠᠰᠠᠭᠤᠳᠠᠯ ᠢ ᠰᠤᠳᠤᠯᠪᠠ᠃ ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠬᠤ ᠳᠠᠭᠠᠨ᠂ ᠦᠢᠯᠡᠳᠬᠦᠨ ᠤ ᠰᠢᠨᠡᠳᠦᠨ ᠰᠣᠯᠢᠭᠳᠠᠬᠤ ᠶᠢ ᠲᠦᠷᠭᠡᠳᠬᠡᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠰᠢᠨ᠎ᠡ ᠨᠢᠭᠡ ᠡᠭᠡᠯᠵᠢ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠣᠯᠣᠨ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠬᠤ ᠬᠡᠷᠡᠭᠲᠡᠢ᠃ ᠪᠠᠷᠠᠭᠠᠨ ᠤ ᠭᠦᠢᠯᠭᠡᠭᠡ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ ︽ᠰᠤᠳᠠᠰᠤ︾ ᠮᠥᠨ᠂ ᠦᠢᠯᠡᠳᠪᠦᠷᠢᠯᠡᠯ ᠪᠠ ᠬᠡᠷᠡᠭᠯᠡᠭᠡ᠂ ᠳᠣᠲᠣᠭᠠᠳᠤ ᠠᠷᠠᠯᠵᠢᠶ᠎ᠠ ᠪᠠ ᠭᠠᠳᠠᠭᠠᠳᠤ ᠠᠷᠠᠯᠵᠢᠶ᠎ᠠ ᠶᠢ ᠬᠤᠯᠪᠣᠬᠤ ᠳᠤ ᠡᠷᠬᠡᠪᠰᠢ ᠪᠦᠭᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠢ ᠪᠦᠲᠦᠮᠵᠢᠲᠡᠶ ᠪᠠᠭᠤᠷᠠᠭᠤᠯᠵᠤ᠂ ᠠᠵᠤ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠴᠢᠩᠭᠠᠳᠬᠠᠵᠤ᠂ ᠠᠵᠤ ᠠᠬᠤᠢ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠭᠡᠰᠢᠭᠦᠨ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠭᠡᠰᠢᠭᠦᠨ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠵᠠᠢ᠃    ᠬᠤᠷᠠᠯ ᠠᠴᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠦᠭᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠢ ᠪᠦᠲᠦᠮᠵᠢᠲᠡᠢ ᠪᠠᠭᠤᠷᠠᠭᠤᠯᠬᠤ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠤᠯᠤᠰ ᠤᠨ ᠲᠡᠮᠦᠷ ᠵᠠᠮ ᠤᠨ ᠪᠦᠯᠦᠭᠯᠡᠯ ᠪᠢᠴᠢᠭ ᠤᠨ ᠭᠡᠯᠪᠡᠷᠢ ᠪᠠᠷ ᠬᠠᠷᠢᠭᠤ ᠮᠡᠳᠡᠭᠦᠯᠦᠯᠲᠡ ᠬᠢᠵᠡᠢ     ᠬᠤᠷᠠᠯ ᠠᠴᠠ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠡᠷᠡᠭᠵᠢᠭᠦᠯᠬᠦ ᠨᠢ ᠪᠡᠯᠡ ᠣᠷᠣᠭᠤᠯᠤᠯᠲᠠ ᠪᠣᠯᠣᠨ ᠬᠡᠷᠡᠭᠯᠡᠭᠡ ᠶᠢ ᠬᠦᠴᠦᠲᠡᠢ ᠠᠬᠢᠭᠤᠯᠵᠤ᠂ ᠣᠳᠣᠬᠠᠨ ᠳᠤ ᠠᠰᠢᠭᠲᠠᠢ᠂ ᠠᠯᠤᠰ ᠭᠡᠳᠤ ᠳᠤ ᠨᠡᠩ ᠠᠰᠢᠭᠲᠠᠢ ᠶᠤᠮ᠃ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢᠨ ᠬᠠᠷᠢᠴᠠᠯ ᠤᠨ ᠦᠷᠭᠦᠯᠵᠢᠯᠡᠨ ᠳᠡᠭᠡᠭᠰᠢᠯᠡᠬᠦ ᠶᠢ ᠠᠬᠢᠭᠤᠯᠵᠤ᠂ ᠴᠢᠨᠠᠷ ᠰᠠᠶᠢᠲᠠᠢ ᠪᠥᠬᠡᠯᠢᠭ ᠬᠡᠷᠡᠭᠯᠡᠭᠡ ᠶᠢᠨ ᠵᠦᠢᠯ ᠢ ᠰᠠᠭᠤᠭᠠᠯᠢ ᠠᠷᠠᠳ ᠤᠨ ᠠᠮᠢᠳᠤᠷᠠᠯ ᠳᠤ ᠨᠠᠩ ᠣᠯᠠᠨ ᠣᠷᠣᠭᠤᠯᠵᠤ᠂ ᠬᠠᠶᠠᠭᠳᠠᠮᠠᠯ ᠬᠠᠭᠤᠴᠢᠨ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠵᠤ᠂ ᠤᠯᠤᠰ ᠠᠷᠠᠳ ᠤᠨ ᠠᠵᠤ ᠠᠬᠤᠢ ᠶᠢᠨ ᠡᠷᠭᠢᠯᠲᠡ ᠶᠢᠨ ᠴᠢᠨᠠᠷ ᠪᠣᠯᠣᠨ ᠲᠦᠪᠰᠢᠨ ᠢ ᠶᠡᠭᠡ ᠪᠠᠷ ᠳᠡᠭᠡᠭᠰᠢᠯᠡᠭᠦᠯᠭᠦ ᠬᠡᠷᠡᠭᠲᠡᠢ᠃ ᠵᠠᠬ᠎ᠠ ᠳᠡᠯᠭᠡᠭᠦᠷ ᠢᠶᠠᠷ ᠭᠤᠣᠯ ᠪᠤᠯᠭᠠᠵᠤ ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ ᠶᠢ ᠪᠠᠷᠢᠮᠲᠠᠯᠠᠵᠤ᠂ ᠲᠡᠷᠢᠭᠦᠨ ᠤ ᠬᠢ ᠶᠢ ᠵᠣᠷᠢᠭᠵᠢᠭᠤᠯᠵᠤ ᠬᠤᠴᠤᠷᠤᠩᠭᠤᠢ ᠶᠢ ᠰᠢᠭᠰᠢᠭᠳᠡᠭᠦᠯᠬᠦ ᠶᠢ ᠪᠠᠷᠢᠮᠲᠠᠯᠠᠵᠤ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠵᠤ ᠡᠮᠬᠢ ᠵᠢᠷᠤᠮ ᠲᠠᠢ ᠳᠡᠭᠡᠭᠰᠢᠯᠡᠭᠦᠯᠭᠦ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠡᠯ᠎ᠡ ᠲᠦᠷᠦᠯ ᠤᠨ ᠦᠢᠯᠡᠳᠪᠦᠷᠢᠯᠡᠯ ᠤᠨ ᠲᠥᠬᠦᠭᠡᠷᠦᠮᠵᠢ᠂ ᠦᠢᠯᠡᠴᠢᠯᠡᠭᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠣᠯᠣᠨ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠵᠤ᠂ ᠮᠠᠰᠢᠨ ᠲᠡᠷᠭᠡ᠂ ᠭᠡᠷ ᠤᠨ ᠴᠠᠭᠢᠯᠭᠠᠨ ᠬᠡᠷᠡᠭᠰᠡᠯ ᠵᠡᠷᠭᠡ ᠤᠯᠠᠮᠵᠢᠯᠠᠯᠲᠤ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠵᠣᠷᠢᠭᠵᠢᠭᠤᠯᠵᠤ᠂ ᠪᠥᠬᠡᠯᠢᠭ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠬᠡᠷᠡᠭᠲᠡᠢ᠃ ᠶᠡᠭᠡ ᠬᠡᠪᠴᠢᠶ᠎ᠡ ᠪᠠᠷ ᠬᠤᠷᠢᠶᠠᠨ ᠠᠪᠴᠤ ᠡᠷᠭᠢᠯᠳᠦᠭᠦᠯᠦᠨ ᠠᠰᠢᠭᠯᠠᠬᠤ ᠶᠢ ᠠᠬᠢᠭᠤᠯᠵᠤ᠂ ︽ᠰᠢᠨ᠎ᠡ ᠶᠢ ᠰᠣᠯᠢᠬᠤ + ᠬᠤᠷᠢᠶᠠᠨ ᠠᠪᠬᠤ︾ ᠪᠠᠷᠠᠭᠠᠨ ᠤ ᠭᠦᠢᠯᠭᠡᠭᠡᠨ ᠤ ᠰᠢᠰᠲ᠋ᠧᠮ ᠪᠠ ᠰᠢᠨ᠎ᠡ ᠵᠠᠭᠪᠤᠷ ᠤᠨ ᠬᠥᠭᠵᠢᠯᠲᠡ ᠶᠢ ᠴᠢᠩᠭᠠᠳᠬᠠᠬᠤ ᠬᠡᠷᠡᠭᠲᠡᠢ᠃ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠳᠤ᠂ ᠲᠥᠪ ᠤᠨ ᠡᠳ᠋ ᠤᠨ ᠵᠠᠰᠠᠭ ᠪᠣᠯᠣᠨ ᠣᠷᠣᠨ ᠨᠤᠲᠤᠭ ᠤᠨ ᠵᠠᠰᠠᠭ ᠤᠨ ᠣᠷᠳᠣᠨ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠪᠦᠭᠦ ᠬᠡᠯᠬᠢᠶᠡᠨ ᠤ ᠡᠯ᠎ᠡ ᠭᠤᠭᠴᠤᠭ᠎ᠠ ᠶᠢ ᠨᠢᠭᠡᠳᠦᠯᠲᠡᠢ ᠲᠥᠯᠥᠪᠵᠢᠭᠦᠯᠦᠨ ᠳᠡᠮᠵᠢᠵᠦ᠂ ᠬᠡᠷᠡᠭᠯᠡᠭᠴᠢᠳ ᠲᠤ ᠨᠡᠩ ᠤᠯᠠᠨ ᠠᠰᠢᠭ ᠬᠦᠷᠲᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠪᠦᠭᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠪᠣᠯ ᠠᠵᠤ ᠠᠬᠤᠢ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠴᠢᠬᠤᠯᠠ ᠠᠷᠭ᠎ᠠ ᠬᠡᠮᠵᠢᠶ᠎ᠡ ᠮᠥᠨ᠃ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠶᠢᠨ ᠵᠣᠷᠢᠯᠲᠠ ᠪᠣᠯᠣᠨ ᠲᠤᠰᠤᠯᠲᠠ ᠪᠣᠯ ᠪᠣᠳᠠᠲᠤ ᠴᠣᠭᠴᠠ ᠶᠢᠨ ᠠᠵᠤ ᠠᠬᠤᠢ ᠪᠠ ᠠᠷᠠᠳ ᠣᠯᠠᠨ ᠳᠤ ᠦᠢᠯᠡᠴᠢᠯᠡᠬᠦ ᠶᠠᠪᠤᠳᠠᠯ ᠪᠣᠯᠣᠨ᠎ᠠ᠂ ᠦᠨᠳᠦᠰᠦᠨ ᠤᠷᠢᠲᠠᠯ ᠪᠣᠯ ᠦᠢᠯᠡᠳᠬᠦ ᠦᠢᠯᠡᠰ ᠤᠨ ᠬᠠᠷᠢᠴᠠᠯ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠭᠤᠣᠯ ᠠᠷᠭ᠎ᠠ ᠵᠠᠮ ᠪᠣᠯ ᠪᠦᠲᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ ᠶᠠᠪᠤᠳᠠᠯ ᠮᠥᠨ᠂ ᠲᠡᠭᠡᠭᠡᠪᠦᠷᠢ ᠶᠢᠨ ᠥᠪᠡᠷ ᠤᠨ ᠥᠷᠲᠡᠭ ᠂ ᠬᠥᠮᠥᠷᠭᠡᠯᠡᠨ ᠬᠠᠳᠠᠭᠠᠯᠠᠬᠤ ᠥᠪᠡᠷ ᠤᠨ ᠥᠷᠲᠡᠭ᠂ ᠬᠠᠮᠢᠶᠠᠷᠤᠯᠲᠠ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ ᠬᠡᠷᠡᠭᠲᠡᠢ᠃ ᠲᠡᠭᠡᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠦᠨ᠂ ︽ᠵᠠᠰᠠᠮᠠᠯ ᠵᠠᠮ ᠢᠶᠠᠷ ᠲᠡᠭᠡᠭᠡᠪᠦᠷᠢᠯᠡᠬᠦ ᠶᠢ ᠲᠡᠮᠦᠷ ᠵᠠᠮ ᠢᠶᠠᠷ ᠲᠡᠭᠡᠭᠡᠪᠦᠷᠢᠯᠡᠬᠦ ᠪᠣᠯᠭᠠᠨ ᠬᠤᠪᠢᠷᠠᠭᠤᠯᠬᠤ︾᠂ ︽ᠵᠠᠰᠠᠮᠠᠯ ᠵᠠᠮ ᠢᠶᠠᠷ ᠲᠡᠭᠡᠭᠡᠪᠦᠷᠢᠯᠡᠬᠦ ᠶᠢ ᠤᠰᠤᠨ ᠵᠠᠮ ᠢᠶᠠᠷ ᠲᠡᠭᠡᠭᠡᠪᠦᠷᠢᠯᠡᠬᠦ ᠪᠣᠯᠭᠠᠨ ᠬᠤᠪᠢᠷᠠᠭᠤᠯᠬᠤ︾᠎ ᠶᠢ ᠴᠢᠩᠭᠠᠳᠬᠠᠵᠤ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠡᠳᠦᠯᠲᠡᠢ ᠥᠨᠳᠥᠷ ᠦᠷ᠎ᠡ ᠪᠦᠲᠦᠮᠵᠢᠲᠡᠶ᠂ ᠥᠷᠢᠰᠦᠯᠳᠦᠭᠡᠨ ᠲᠠᠢ ᠪᠥᠭᠡᠳ ᠡᠮᠬᠢ ᠵᠢᠷᠤᠮ ᠲᠠᠢ ᠪᠠᠷᠠᠭᠠᠨ ᠤ ᠭᠦᠢᠯᠭᠡᠭᠡᠨ ᠤ ᠵᠠᠬ᠎ᠠ ᠳᠡᠯᠭᠡᠭᠦᠷ ᠢ ᠪᠤᠢ ᠪᠤᠯᠭᠠᠬᠤ ᠬᠡᠷᠡᠭᠲᠡᠢ᠃ ᠭᠤᠣᠯ ᠱᠤᠭᠤᠮ ᠶᠡᠭᠡ ᠵᠠᠮ ᠢ ᠰᠢᠯᠢᠳᠡᠭᠵᠢᠭᠦᠯᠵᠦ᠂ ᠲᠦᠭᠵᠢᠷᠡᠯ ᠬᠤᠷᠢᠭ᠎ᠠ ᠴᠡᠭ ᠢ ᠨᠠᠪᠲᠠᠷᠡᠭᠦᠯᠵᠦ᠂ ᠤᠳᠤ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠲᠠᠪᠴᠠᠩᠳᠤ ᠠᠵᠤ ᠠᠬᠤᠢ᠂ ᠳᠣᠣᠷ᠎ᠠ ᠠᠭᠠᠷ ᠤᠨ ᠠᠵᠤ ᠠᠬᠤᠢ᠂ ᠵᠢᠯᠣᠭᠤᠴᠢ ᠦᠭᠡᠢ ᠲᠡᠷᠭᠡ ᠵᠡᠷᠭᠡ ᠲᠠᠢ ᠤᠶᠠᠯᠳᠤᠭᠰᠠᠨ ᠪᠠᠷᠠᠭᠠᠨ ᠤ ᠭᠦᠢᠯᠭᠡᠭᠡᠨ ᠤ ᠰᠢᠨ᠎ᠡ ᠵᠠᠭᠪᠤᠷ ᠢ ᠬᠥᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ᠃ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠢ ᠰᠢᠯᠢᠳᠡᠭᠵᠢᠭᠦᠯᠵᠦ᠂ ᠠᠭᠠᠷ ᠤᠨ ᠦᠢᠯᠡᠰ ᠤᠨ ᠠᠵᠤ ᠠᠬᠤᠢ᠂ ᠭᠠᠷᠠᠮ ᠳᠠᠭᠠᠤ ᠶᠢᠨ ᠠᠵᠤ ᠠᠬᠤᠢ ᠶᠢ ᠶᠡᠬᠡᠪᠡᠷ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1