ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠱᠦᠵᠢ ᠨᠠᠷ ᠤᠨ ᠭᠠᠵᠠᠷ ᠤᠨ ᠱᠦᠵᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠠᠷᠠᠳ ᠤᠨ ᠳᠡᠭᠡᠳᠦ ᠰᠢᠭᠦᠬᠦ ᠬᠤᠷᠢᠶ᠎ᠠ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠠᠮ ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠳᠤ ᠲᠤᠰᠢᠶᠠᠯ ᠤᠨ ᠮᠡᠳᠡᠭᠦᠯᠦᠯᠲᠡ ᠬᠢᠪᠡ
ᠨᠡᠶᠢᠲᠡᠯᠡᠭᠰᠡᠨ ᠴᠠᠭ᠄
2024/2/29
    ᠰᠢ ᠶᠢᠨ ᠫᠢᠩ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠦᠵᠡᠬᠦ ᠶᠢᠨ ᠬᠠᠮᠲᠤ ᠴᠢᠬᠤᠯᠠ ᠱᠠᠭᠠᠷᠳᠠᠯᠭ᠎ᠠ ᠳᠤᠷᠠᠳᠴᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ    ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 26᠎ ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠯ ᠪᠦᠷᠢ ᠨᠠᠮ ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠳᠤ ᠪᠢᠴᠢᠭ ᠤᠨ ᠭᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠳᠡᠭ᠃ ᠣᠶᠢᠷ᠎ᠠ ᠶᠢᠨ ᠬᠤᠭᠤᠴᠠᠭᠠᠨ ᠳᠤ᠂ ᠬᠤᠯᠪᠣᠭᠳᠠᠯ ᠪᠦᠬᠦᠢ ᠨᠥᠬᠦᠳ ᠲᠣᠭᠲᠠᠭᠠᠯ ᠶᠣᠰᠣᠭᠠᠷ ᠨᠠᠮ ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠳᠤ ᠪᠢᠴᠢᠭ ᠤᠨ ᠭᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠪᠡ᠃    ᠰᠢ ᠶᠢᠨ ᠫᠢᠩ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠦᠵᠡᠭᠰᠡᠨ ᠪᠥᠭᠡᠳ ᠴᠢᠬᠤᠯᠠ ᠱᠠᠭᠠᠷᠳᠠᠯᠭ᠎ᠠ ᠳᠤᠷᠠᠳᠴᠤ᠂ ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠤᠬᠠᠮᠰᠠᠷ ᠠᠴᠠ ᠪᠠᠨ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠲᠦᠷᠦᠭᠦᠯᠡᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠡᠯ᠎ᠡ ᠵᠦᠢᠯ ᠤᠨ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠱᠠᠭᠠᠷᠳᠠᠯᠭ᠎ᠠ ᠶᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠤᠯᠠᠮ ᠭᠦᠨᠵᠡᠭᠡᠶᠢᠷᠡᠭᠦᠯᠵᠦ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠠᠷᠠᠳ ᠲᠦᠮᠡᠨ ᠳᠤ ᠪᠤᠶᠠᠨ ᠦᠢᠯᠡᠳᠬᠦ ᠵᠠᠰᠠᠭ ᠤᠨ ᠠᠵᠢᠯ ᠤᠨ ᠪᠦᠳᠦᠮᠵᠢ ᠶᠢᠨ ᠦᠵᠡᠯᠲᠡ ᠶᠢ ᠪᠠᠲᠤ ᠪᠤᠢ ᠪᠤᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠲᠦᠷᠦᠭᠦᠯᠡᠨ ᠰᠠᠶᠢᠲᠤᠷ ᠵᠠᠮᠨᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠷᠬᠠᠭ ᠭᠡᠮ ᠢ ᠵᠠᠯᠠᠷᠠᠭᠤᠯᠤᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠰᠤᠷᠲᠠᠯ ᠤᠨ ᠬᠤᠪᠢᠷᠠᠯᠲᠠ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠲᠤᠯᠠᠵᠤ᠂ ᠪᠡᠶ᠎ᠡ ᠪᠠᠨ ᠠᠷᠢᠭᠤᠨ ᠰᠢᠳᠤᠷᠭᠤ ᠠᠪᠴᠤ ᠶᠠᠪᠤᠬᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠳᠡᠭᠡᠷ᠎ᠡ ᠬᠡᠪ ᠳᠠᠭᠤᠷᠢᠶᠠᠯ ᠦᠵᠡᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠲᠤᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠳᠠᠭᠠᠨ ᠰᠠᠭᠤᠷᠢᠯᠠᠨ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠭᠤᠣᠯᠳᠠᠯᠭ᠎ᠠ ᠪᠠᠨ ᠲᠣᠪᠤᠶᠢᠯᠭᠠᠨ᠂ ᠵᠠᠩᠭᠢᠯᠠᠭ᠎ᠠ ᠶᠢ ᠡᠵᠡᠮᠳᠡᠵᠦ᠂ ᠵᠣᠷᠢᠭᠲᠠᠢ ᠤᠷᠤᠭᠰᠢᠯᠠᠨ ᠲᠠᠪᠰᠢᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠤᠯᠠᠮ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1