ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠢ ᠲᠣᠬᠤᠨᠢᠭᠤᠯᠬᠤ ᠴᠠᠭᠠᠨ ᠰᠠᠷ᠎ᠠ ᠶᠢᠨ ᠤᠷᠠᠨ ᠰᠠᠶᠢᠬᠠᠨ ᠤ ᠲᠣᠬᠯᠠᠯᠲᠠ ᠭᠠᠷᠭᠠᠵᠠᠢ ᠰᠢ ᠶᠢᠨ ᠫᠢᠩ ᠪᠦᠭᠦ ᠴᠡᠷᠢᠭ ᠤᠨ ᠠᠬᠠᠮᠠᠳ ᠨᠥᠬᠦᠳ ᠲᠤ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠪᠡ
ᠨᠡᠶᠢᠲᠡᠯᠡᠭᠰᠡᠨ ᠴᠠᠭ᠄
2024/2/4
    ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 30᠎ ᠤ ᠴᠠᠭᠢᠯᠭᠠᠨ ᠮᠡᠳᠡᠭᠡ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠢ ᠲᠣᠬᠤᠨᠢᠭᠤᠯᠬᠤ ᠴᠠᠭᠠᠨ ᠰᠠᠷ᠎ᠠ ᠶᠢᠨ ᠤᠷᠠᠨ ᠰᠠᠶᠢᠬᠠᠨ ᠤ ᠲᠣᠬᠯᠠᠯᠲᠠ 29᠎ ᠤ ᠡᠳᠦᠷ ᠪᠡᠭᠡᠵᠢᠩ ᠳᠤ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠣᠬᠯᠠᠯᠲᠠ ᠶᠢ ᠰᠣᠨᠢᠷᠬᠠᠵᠤ᠂ ᠠᠳᠡ ᠰᠠᠭᠤᠭ᠎ᠠ ᠴᠡᠷᠢᠭ ᠠᠩᠭᠢ ᠶᠢᠨ ᠠᠬᠠᠮᠠᠳ ᠨᠥᠬᠦᠳ ᠪᠣᠯᠣᠨ ᠪᠦᠭᠦ ᠴᠡᠷᠢᠭ ᠤᠨ ᠠᠵᠢᠯ ᠠᠴᠠ ᠪᠠᠨ ᠳᠠᠷᠬᠠᠯᠠᠬᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃
a1_副本.jpg
        ᠢᠯᠠᠭᠤᠭᠰᠠᠨ ᠳᠠᠭᠤᠤ ᠬᠠᠩᠭᠢᠨᠠᠵᠤ ᠴᠠᠭᠠᠨ ᠰᠠᠷ᠎ᠠ ᠪᠠᠨ ᠤᠭᠲᠤᠨ᠎ᠠ᠂ ᠴᠡᠷᠢᠭ ᠢᠶᠠᠨ ᠬᠦᠴᠦᠷᠬᠡᠭᠵᠢᠭᠦᠯᠦᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠨ᠎ᠠ᠃ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠪᠤᠯᠬᠤ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠲᠠᠰᠢᠷᠠᠮ ᠳᠤ᠂ ᠰᠢᠨ᠎ᠡ ᠳᠤᠮᠳᠠᠳᠤ ᠤᠯᠤᠰ ᠢ ᠪᠠᠶᠢᠭᠤᠯᠬᠤ᠂ ᠬᠠᠮᠠᠭᠠᠯᠠᠬᠤ᠂ ᠪᠦᠲᠦᠭᠡᠨ ᠪᠠᠶᠢᠭᠤᠯᠬᠤ ᠶᠢᠨ ᠲᠥᠯᠥᠭᠡ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠳᠤᠮᠳᠠᠳᠤ ᠤᠯᠤᠰ ᠤᠨ ᠲᠢᠶᠠᠲᠷ ᠲᠤ ᠴᠤᠭᠯᠠᠷᠠᠵᠤ᠂ ᠴᠠᠭᠠᠨ ᠰᠠᠷ᠎ᠠ ᠪᠠᠨ ᠪᠠᠶᠠᠷᠯᠠᠨ ᠤᠭᠲᠤᠵᠠᠭᠠᠪᠠ᠃    ᠦᠳᠡ ᠶᠢᠨ ᠬᠤᠶᠢᠨᠠᠬᠢ 4 ᠴᠠᠭ ᠤᠨ ᠦᠶ᠎ᠡ ᠪᠠᠷ᠂ ᠰᠢ ᠶᠢᠨ ᠫᠢᠩ ᠠᠬᠠᠮᠠᠳ ᠨᠥᠬᠦᠳ ᠤᠨ ᠳᠤᠮᠳᠠ ᠬᠦᠷᠬᠦ ᠳᠤ ᠳᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠳᠠᠰᠢᠪᠠ᠃ ᠰᠢ ᠶᠢᠨ ᠫᠢᠩ ᠲᠡᠳᠡᠨ ᠤ ᠪᠡᠶ᠎ᠡ ᠮᠠᠬᠠᠪᠤᠳ ᠪᠣᠯᠣᠨ ᠠᠮᠢᠳᠤᠷᠠᠯ ᠤᠨ ᠪᠠᠶᠢᠳᠠᠯ ᠢ ᠨᠢ ᠬᠠᠯᠠᠮᠵᠢᠯᠠᠨ ᠠᠰᠠᠭᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠵᠢᠯᠣᠭᠤᠳᠤᠯᠭ᠎ᠠ ᠳᠣᠣᠷ᠎ᠠ ᠥᠩᠭᠡᠷᠡᠭᠰᠡᠨ ᠨᠢᠭᠡ ᠵᠢᠯ ᠤᠨ ᠲᠤᠷᠰᠢᠬᠢ ᠨᠠᠮ᠂ ᠤᠯᠤᠰ᠂ ᠴᠡᠷᠢᠭ ᠠᠩᠭᠢ ᠶᠢᠨ ᠦᠢᠯᠡᠰ ᠤᠨ ᠣᠯᠣᠭᠰᠠᠨ ᠴᠢᠬᠤᠯᠠ ᠶᠡᠭᠡ ᠠᠮᠵᠢᠯᠲᠠ ᠪᠦᠳᠦᠮᠵᠢ ᠶᠢ ᠬᠠᠮᠲᠤ ᠪᠠᠷ ᠡᠷᠭᠢᠴᠡᠭᠦᠯᠪᠡ᠃ ᠠᠬᠠᠮᠠᠳ ᠨᠥᠬᠦᠳ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠥ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾᠎ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠬᠠᠷᠢᠭᠤᠴᠠᠬᠤ ᠳᠦᠷᠢᠮ ᠢ ᠲᠤᠭᠤᠰᠢᠯᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠴᠤᠬ ᠰᠦᠯᠳᠡ ᠪᠠᠨ ᠪᠠᠳᠠᠷᠠᠭᠤᠯᠵᠤ᠂ ᠪᠦᠯᠬᠦᠮᠳᠡᠨ ᠤᠷᠤᠭᠰᠢᠯᠠᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠥᠯᠥᠭᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠰᠢᠨ᠎ᠡ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃    ᠲᠣᠬᠯᠠᠯᠲᠠ ᠨᠢ ︽ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠰᠤᠷᠤᠯᠴᠠᠵᠤ᠂ ᠴᠡᠷᠢᠭ ᠢ ᠬᠦᠴᠦᠷᠬᠡᠭᠵᠢᠭᠦᠯᠬᠦ ᠠᠵᠢᠯ ᠦᠢᠯᠡᠰ ᠲᠤ ᠭᠠᠪᠢᠶ᠎ᠠ ᠪᠠᠶᠢᠭᠤᠯᠤᠶ᠎ᠠ︾ ᠭᠡᠬᠦ ᠪᠠᠷ ᠭᠤᠣᠯ ᠰᠡᠳᠦᠪ ᠢᠶᠠᠨ ᠪᠤᠯᠭᠠᠵᠤ᠂ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠠᠩᠭᠢ ᠶᠢᠨ ᠴᠡᠷᠢᠭ ᠲᠤ ᠦᠢᠯᠡᠴᠢᠯᠡᠬᠦ ᠤᠤᠭᠠᠯ ᠠᠮᠢ ᠠᠬᠤᠢ ᠶᠢᠨ ᠭᠡᠯᠪᠡᠷᠢ ᠪᠠᠷ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠠᠭᠤᠤ ᠶᠡᠭᠡ ᠠᠮᠵᠢᠯᠲᠠ ᠪᠦᠲᠦᠮᠵᠢ ᠶᠢ ᠠᠮᠢᠳᠤᠯᠢᠭ ᠢᠶᠠᠷ ᠲᠤᠰᠬᠠᠵᠤ᠂ ᠪᠦᠭᠦ ᠴᠡᠷᠢᠭ ᠤᠨ ᠳᠠᠷᠤᠭ᠎ᠠ ᠪᠠᠶᠢᠯᠳᠤᠭᠴᠢᠳ ᠤᠨ ᠭᠤᠣᠯᠯᠠᠭᠴᠢ ᠪᠠᠨ ᠦᠨᠡᠨᠴᠢ ᠰᠢᠳᠤᠷᠭᠤ ᠪᠠᠷ ᠬᠠᠮᠠᠭᠠᠯᠠᠵᠤ᠂ ᠴᠡᠷᠢᠭ ᠢᠶᠠᠨ ᠬᠦᠴᠦᠷᠬᠡᠭᠵᠢᠭᠦᠯᠬᠦ ᠪᠠᠷ ᠡᠷᠡᠯᠬᠡᠭᠯᠡᠨ ᠤᠷᠤᠭᠰᠢᠯᠠᠬᠤ ᠲᠡᠷᠢᠭᠦᠨ ᠵᠡᠷᠭᠡ ᠶᠢᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ ︽ᠰᠢᠨ᠎ᠡ ᠴᠠᠭ ᠦᠶ᠎ᠡ᠂ ᠰᠢᠨ᠎ᠡ ᠠᠶᠠᠨ᠂ ᠰᠢᠨ᠎ᠡ ᠨᠢᠭᠡ ᠵᠢᠯ ᠤᠨ ᠰᠢᠨ᠎ᠡ ᠬᠠᠷᠠᠯᠲᠠ︾᠂ ᠳᠠᠭᠤᠤ ᠪᠥᠵᠢᠭ ︽ᠳᠠᠶᠢᠴᠢᠨ ᠳᠠᠭᠤᠤ ᠪᠠᠨ ᠬᠠᠩᠭᠢᠨᠠᠭᠤᠯᠵᠤ ᠴᠠᠭᠠᠨ ᠰᠠᠷ᠎ᠠ ᠪᠠᠨ ᠤᠭᠲᠤᠶ᠎ᠠ︾᠎ ᠪᠠᠷ ᠲᠣᠬᠯᠠᠯᠲᠠ ᠶᠢᠨ ᠬᠥᠰᠢᠭᠡ ᠶᠢ ᠢᠷᠠᠵᠥ᠂ ᠭᠦᠷ ᠨᠠᠷᠭᠢᠶᠠᠨ ᠢᠶᠠᠷ ᠪᠢᠯᠬᠠᠭᠰᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠪᠠ᠃ ᠠᠬᠤᠢ ᠦᠵᠡᠭᠳᠡᠯᠲᠦ ᠲᠣᠬᠯᠠᠯᠲᠠ ︽ᠭᠡᠷᠡᠯ ᠭᠡᠭᠡ︾᠎ ᠨᠢ ᠦᠵᠡᠯ ᠰᠠᠨᠠᠭ᠎ᠠ ᠪᠠᠷ ᠢᠷᠡᠭᠡᠳᠦᠢ ᠶᠢ ᠭᠡᠶᠢᠭᠦᠯᠬᠦ᠂ ᠡᠷᠡᠯᠬᠡᠭᠯᠡᠨ ᠲᠡᠮᠡᠴᠡᠬᠦ ᠪᠠᠷ ᠢᠷᠡᠭᠡᠳᠦᠢ ᠪᠠᠨ ᠨᠡᠭᠡᠭᠡᠬᠦ ᠰᠦᠷ ᠳᠠᠯᠠᠶᠢᠴᠠᠲᠠᠢ ᠦᠢᠯᠡᠳᠦᠯᠭᠡ ᠶᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠮᠠᠭᠲᠠᠨ ᠳᠠᠭᠤᠯᠠᠵᠤ᠂ ᠨᠠᠮ ᠤᠨ ᠲᠤᠭ ᠤᠨ ᠳᠣᠣᠷ᠎ᠠ ᠴᠡᠷᠢᠭ ᠤᠨ ᠰᠦᠭ ᠰᠦᠨᠡᠰᠦ ᠶᠢ ᠪᠠᠲᠤ ᠴᠣᠭᠴᠠᠯᠠᠬᠤ ᠡᠷᠡᠰ ᠵᠣᠷᠢᠭ ᠢ ᠢᠯᠡ ᠲᠣᠳᠣᠷᠬᠠᠢ ᠢᠯᠡᠳᠬᠡᠪᠡ᠃ ︽ᠪᠣᠯᠣᠳ ᠪᠣᠯᠵᠤ ᠬᠠᠲᠠᠭᠤᠵᠢᠭᠰᠠᠨ ︾ ᠭᠡᠬᠦ ᠨᠠᠶᠢᠷᠠᠯ ᠳᠠᠭᠤᠤ ᠨᠢ ᠴᠡᠷᠢᠭ ᠠᠩᠭᠢ ᠶᠢᠨ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠯ ᠢ ᠭᠦᠨᠵᠡᠭᠡᠶᠢᠷᠡᠭᠦᠯᠦᠭᠡᠳ ᠣᠯᠣᠭᠰᠠᠨ ᠰᠢᠨ᠎ᠡ ᠰᠤᠷᠲᠠᠯ ᠲᠥᠪ ᠴᠢᠬᠡᠴᠢ ᠶᠢ ᠢᠯᠡᠷᠡᠭᠦᠯᠵᠦ᠂ ᠠᠷᠢᠭᠤᠨ ᠴᠡᠪᠡᠷ ᠢᠷᠠᠭᠤ ᠠᠯᠳᠠᠷ ᠢ ᠪᠠᠬᠢᠵᠢᠭᠦᠯᠬᠦ᠂ ᠴᠡᠷᠢᠭ ᠢ ᠬᠦᠴᠦᠷᠬᠡᠭᠵᠢᠭᠦᠯᠬᠦ ᠡᠭᠦᠷᠭᠡ ᠶᠢ ᠡᠭᠦᠷᠭᠡᠯᠡᠬᠦ ᠡᠷᠡᠰ ᠬᠠᠳᠠᠨ ᠢᠲᠡᠭᠡᠯ ᠵᠣᠷᠢᠭ ᠢ ᠢᠯᠡᠷᠡᠭᠦᠯᠪᠡ᠃ ᠲᠣᠭᠯᠠᠯᠳᠤ ᠳᠠᠭᠤᠯᠠᠯ ︽ᠤᠷᠤᠭᠰᠢᠯᠠᠯᠲᠠ ᠶᠢᠨ ᠴᠠᠭ ᠮᠥᠴᠡ︾ ᠪᠣᠯᠣᠨ ᠪᠥᠵᠢᠭ ︽ᠰᠢᠢᠳᠪᠦᠷᠢᠲᠦ ᠢᠯᠠᠯᠲᠠ︾ ᠵᠡᠷᠭᠡ ᠲᠣᠬᠯᠠᠯᠲᠠ ᠨᠢ ᠴᠡᠷᠢᠭ ᠠᠩᠭᠢ ᠶᠢᠨ ᠥᠪᠴᠢ ᠬᠤᠶᠠᠭᠯᠠᠨ ᠦᠦᠷ ᠴᠠᠶᠢᠯᠭᠠᠬᠤ ᠰᠡᠷᠭᠡᠶᠢᠯᠡᠯᠲᠡ ᠶᠢᠨ ᠪᠠᠶᠢᠳᠠᠯ ᠪᠣᠯᠣᠨ ᠵᠠᠷᠯᠢᠭ ᠢ ᠰᠣᠨᠣᠰᠤᠮᠠᠭᠴᠠ ᠬᠥᠳᠡᠯᠦᠯᠴᠡᠬᠦ ᠳᠠᠭᠠᠷᠢᠯᠲᠠ ᠶᠢᠨ ᠪᠠᠶᠢᠳᠠᠯ ᠢ ᠲᠤᠰᠬᠠᠪᠠ᠃ ᠨᠠᠶᠢᠷᠠᠯ ᠳᠠᠭᠤᠤ ᠪᠠ ᠲᠣᠭᠯᠠᠯᠳᠤ ᠳᠠᠭᠤᠯᠠᠯ ︽ᠪᠠᠶᠢᠯᠳᠤᠭᠴᠢᠳ ᠤᠨ ᠬᠦᠰᠡᠯ ᠤᠨ ᠣᠷᠣᠨ ᠭᠡᠷ ᠪᠠ ᠡᠬᠡ ᠤᠯᠤᠰ︾᠂ ︽ᠠᠭᠤᠯᠠ ᠤᠰᠤᠨ ᠤ ᠪᠢᠴᠢᠭᠡᠰᠦ︾᠂ ︽ᠠᠷᠠᠳ ᠲᠦᠮᠡᠨ ᠳᠤ ᠨᠡᠷ᠎ᠡ ᠪᠠᠨ ᠮᠡᠳᠡᠭᠦᠯᠦᠶ᠎ᠡ︾ ᠵᠡᠷᠭᠡ ᠨᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ᠠᠷᠠᠳ ᠤᠨ ᠬᠡᠦᠬᠡᠳ ᠳᠡᠭᠦᠦ ᠨᠠᠷ ᠴᠡᠷᠢᠭ ᠤᠨ ᠬᠢᠯᠢ ᠶᠢᠨ ᠬᠠᠮᠠᠭᠠᠯᠠᠯᠲᠠ ᠶᠢᠨ ᠲᠥᠯᠥᠭᠡ ᠲᠡᠮᠡᠴᠡᠬᠦ᠂ ᠠᠶᠤᠯ ᠭᠠᠮᠰᠢᠭ ᠠᠴᠠ ᠠᠪᠤᠷᠠᠬᠤ᠂ ᠭᠠᠳᠠᠭᠠᠳᠤ ᠠᠴᠠ ᠬᠠᠷᠢᠶᠠᠲᠤ ᠨᠠᠷ ᠢᠶᠠᠨ ᠠᠪᠴᠤ ᠢᠷᠡᠬᠦ ᠵᠡᠷᠭᠡ ᠴᠢᠬᠤᠯᠠ ᠶᠡᠭᠡ ᠬᠠᠷᠢᠭᠤᠴᠠᠯᠭ᠎ᠠ ᠡᠭᠦᠷᠭᠡᠯᠡᠯ ᠪᠠ ᠶᠡᠭᠡ ᠬᠠᠶᠢᠷ᠎ᠠ ᠶᠢ ᠳᠠᠬᠢᠨᠲᠠ ᠢᠯᠡᠷᠡᠭᠦᠯᠵᠦ᠂ ᠪᠠᠭᠠᠲᠤᠷᠴᠤᠳ ᠢᠶᠠᠨ ᠮᠠᠭᠲᠠᠨ ᠳᠠᠭᠤᠯᠠᠵᠤ᠂ ᠪᠠᠭᠠᠲᠤᠷᠴᠤᠳ ᠢᠶᠠᠨ ᠬᠦᠨᠳᠦᠳᠬᠡᠨ ᠮᠠᠭᠲᠠᠪᠠ᠃ ᠴᠣ ᠰᠢᠨ᠎ᠡ ᠪᠠᠷ ᠨᠠᠶᠢᠷᠠᠭᠤᠯᠤᠨ ᠵᠣᠬᠢᠶᠠᠭᠰᠠᠨ ᠰᠣᠩᠭᠤᠳᠠᠭ ᠳᠠᠭᠤᠤ ︽ᠶᠠᠨ ᠠᠨ ᠤ ᠮᠠᠭᠲᠠᠭᠠᠯ︾᠂ ︽ᠲᠡᠷᠢᠭᠦᠯᠡᠭᠴᠢ ᠴᠡᠴᠡᠭ ᠤᠨ ᠮᠠᠭᠲᠠᠭᠠᠯ︾᠂ ︽ᠪᠢ ᠪᠣᠯ ᠨᠢᠭᠡᠨ ᠴᠡᠷᠢᠭ︾ ᠵᠡᠷᠭᠡ ᠨᠢ ᠬᠤᠪᠢᠰᠬᠠᠯ ᠤᠨ ᠴᠡᠷᠢᠭ ᠤᠨ ᠬᠤᠪᠢᠰᠬᠠᠯᠲᠤ ᠳᠤᠷᠠᠰᠤᠮᠵᠢ ᠶᠢ ᠡᠷᠭᠢᠴᠡᠭᠦᠯᠵᠦ᠂ ᠣᠬᠤᠷ ᠵᠦᠴᠦᠭᠡ ︽ᠪᠠᠶᠠᠷ ᠤᠨ ᠴᠢᠮᠡᠭᠡ︾᠎ ᠨᠢ ᠴᠡᠷᠢᠭ ᠠᠩᠭᠢ ᠪᠠ ᠣᠷᠣᠨ ᠨᠤᠲᠤᠭ ᠤᠨ ᠬᠢᠨ ᠤ ᠭᠠᠪᠢᠶᠠᠲᠠᠨ ᠵᠢᠱᠢᠶᠡᠴᠢ ᠶᠢ ᠬᠦᠨᠳᠦᠳᠬᠡᠭᠰᠡᠨ ᠰᠡᠳᠬᠢᠯ ᠲᠤᠬᠳᠤᠯᠤᠭᠤᠯᠤᠬᠰᠠᠨ ᠦᠯᠢᠭᠡᠷ ᠢ ᠬᠦᠦᠷᠨᠢᠵᠦ᠂ ᠰᠢᠯᠢᠳᠡᠭ ᠤᠯᠠᠮᠵᠢᠯᠠᠯ ᠢ ᠪᠠᠳᠠᠷᠠᠭᠤᠯᠤᠨ ᠵᠠᠯᠭᠠᠮᠵᠢᠯᠠᠵᠤ᠂ ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢ ᠬᠦᠴᠦᠷᠬᠡᠭᠵᠢᠭᠦᠯᠬᠦ ᠬᠦᠴᠦᠨ ᠴᠢᠳᠠᠯ ᠢ ᠨᠢᠭᠲᠠᠷᠠᠭᠤᠯᠤᠭᠰᠠᠨ ᠠᠮᠢᠳᠤᠯᠢᠭ ᠵᠢᠷᠤᠭ ᠢ ᠳᠡᠯᠭᠡᠨ ᠦᠵᠡᠭᠦᠯᠵᠡᠢ᠃ ︽ᠠᠷᠢᠭᠤᠨ ᠬᠠᠶᠢᠷ᠎ᠠ ᠪᠠᠨ ᠡᠬᠡ ᠤᠯᠤᠰ ᠲᠠᠭᠠᠨ ᠵᠣᠷᠢᠭᠤᠯᠵᠤ᠂ ᠪᠠᠶᠢᠯᠳᠤᠭᠠᠨ ᠤ ᠲᠠᠯᠠᠪᠤᠷ ᠲᠤ ᠬᠦᠰᠡᠯ ᠵᠡᠭᠦᠳᠦ ᠪᠠᠨ ᠲᠡᠷᠭᠡᠯᠰᠢᠭᠦᠯᠦᠨ ᠴᠡᠷᠢᠭ ᠢ ᠬᠦᠴᠦᠷᠬᠡᠭᠵᠢᠭᠦᠯᠬᠦ ᠲᠠᠶᠢᠴᠢᠨ ᠳᠠᠭᠤᠤ ᠪᠠᠨ ᠬᠠᠩᠭᠢᠨᠠᠭᠤᠯᠤᠶ᠎ᠠ︾᠂ ᠲᠣᠬᠯᠠᠯᠲᠠ ᠨᠢ ︽ᠴᠡᠷᠢᠭ ᠢ ᠬᠦᠴᠦᠷᠬᠡᠭᠵᠢᠭᠦᠯᠬᠦ ᠳᠤ ᠪᠢ ᠪᠤᠢ︾ ᠭᠡᠬᠦ ᠨᠠᠶᠢᠷᠠᠯ ᠳᠠᠭᠤᠤ ᠪᠠᠷ ᠥᠨᠳᠥᠷᠯᠡᠵᠦ᠂ ᠬᠠᠷᠠᠯᠲᠠ ᠪᠠᠨ ᠣᠨᠢᠯᠠᠨ ᠬᠦᠴᠦᠯᠡᠨ ᠪᠣᠭᠤᠮᠲᠠ ᠰᠢᠪᠲᠤᠯᠬᠤ᠂ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠣᠮᠤᠭ ᠵᠣᠷᠢᠭ ᠢ ᠭᠠᠶᠢᠬᠠᠭᠤᠯᠪᠠ᠃ ᠲᠣᠬᠯᠠᠯᠲᠠ ᠨᠢ ᠳᠥᠭᠦᠮ ᠠᠪᠰᠠᠬᠠᠨ ᠪᠥᠭᠡᠳ ᠪᠣᠷᠣᠭᠵᠢᠭᠤᠨ ᠤ ᠭᠤᠸ᠎ᠠ ᠰᠠᠶᠢᠬᠠᠨ ᠪᠠ ᠴᠤᠭ ᠪᠠᠳᠠᠷᠠᠩᠭᠤᠢ ᠣᠮᠤᠭ ᠰᠦᠷ ᠢ ᠢᠯᠡᠷᠡᠭᠦᠯᠵᠦ᠂ ᠴᠡᠷᠢᠭ ᠢ ᠬᠦᠴᠦᠷᠬᠡᠭᠵᠢᠭᠦᠯᠬᠦ ᠰᠣᠶᠣᠯ ᠤᠨ ᠴᠣ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃    ᠵᠠᠩ ᠶᠢᠤ ᠰᠢᠶᠠ᠂ ᠾᠧ ᠸᠧᠢ ᠳ᠋ᠦᠩ᠂ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ ᠬᠠᠮᠲᠤ ᠪᠠᠷ ᠲᠤᠬᠯᠠᠯᠳᠠ ᠶᠢ ᠰᠣᠨᠢᠷᠬᠠᠵᠠᠢ᠃    ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠴᠡᠷᠢᠭ ᠠᠩᠭᠢ ᠶᠢᠨ ᠪᠡᠭᠡᠵᠢᠩ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠶᠢᠨ ᠤᠳᠤᠷᠢᠳᠤᠯᠭ᠎ᠠ ᠪᠣᠯᠣᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠪᠠᠰᠠ ᠲᠣᠬᠯᠠᠯᠲᠠ ᠶᠢ ᠰᠣᠨᠢᠷᠬᠠᠵᠠᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1