ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/2/4
    ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 1᠎ ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 1 ᠰᠠᠷ᠎ᠠ ᠶᠢᠨ 31᠎ ᠤ ᠦᠳᠡ ᠶᠢᠨ ᠬᠤᠶᠢᠨ᠎ᠠ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠡᠷᠬᠡᠪᠰᠢ ᠴᠢᠨᠠᠷ ᠰᠠᠶᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠭᠡᠳᠡᠭ ᠢ ᠪᠠᠲᠤ ᠴᠡᠭᠡᠵᠢᠯᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠵᠡᠷᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠰᠢᠯᠭᠠᠨ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ᠂ ᠡᠷᠬᠡᠪᠰᠢ ᠰᠢᠨ᠎ᠡ ᠶᠢ ᠡᠭᠦᠳᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠡᠨᠡ ᠤᠳᠠᠭ᠎ᠠ ᠶᠢᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠥᠪᠡᠷ ᠲᠡᠭᠡᠨ ᠰᠤᠷᠤᠯᠴᠠᠬᠤ ᠶᠢᠨ ᠬᠠᠮᠲᠤ ᠠᠵᠢᠯ ᠤᠨ ᠣᠶᠢᠯᠠᠭᠠᠯᠲᠠ ᠲᠥᠷᠥᠭᠳᠡᠯ ᠢᠶᠠᠨ ᠰᠣᠯᠢᠯᠴᠠᠵᠤ᠂ ᠮᠠ ᠰᠢᠩ ᠷᠦᠢ᠂ ᠾᠧ ᠯᠢ ᠹᠧᠩ ᠂ ᠵᠠᠩ ᠭᠦᠸᠧ ᠴᠢᠩ᠂ ᠶᠤᠸᠠᠨ ᠵᠢᠶᠠ ᠵᠢᠶᠦ᠋ᠨ ᠨᠥᠬᠦᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠪᠣᠯᠣᠨ ᠣᠷᠣᠨ ᠨᠤᠲᠤᠭ ᠤᠨ ᠠᠵᠢᠯ ᠲᠠᠢ ᠤᠶᠠᠯᠳᠤᠭᠤᠯᠤᠨ ᠦᠭᠡ ᠬᠡᠯᠡᠵᠦ᠂ ᠯᠢᠦ ᠭᠦᠸᠧ ᠵᠦᠩ᠂ ᠴᠧᠨ ᠮᠢᠨ ᠡᠯ ᠨᠥᠬᠦᠷ ᠪᠢᠴᠢᠭ ᠤᠨ ᠭᠡᠯᠪᠡᠷᠢ ᠪᠠᠷ ᠦᠭᠡ ᠬᠡᠯᠡᠵᠦ᠂ ᠤᠯᠠᠨ ᠢᠶᠠᠷ ᠢᠶᠠᠨ ᠶᠠᠷᠢᠯᠴᠠᠪᠠ᠃    ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠯᠢ ᠤᠯᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢ ᠪᠦᠭᠦ ᠨᠠᠮ ᠪᠦᠭᠦ ᠨᠡᠶᠢᠭᠡᠮ ᠤᠨ ᠬᠠᠮᠲᠤ ᠶᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠭᠦᠭ ᠠᠶᠠᠰ ᠪᠣᠯᠪᠠ᠃ ᠣᠶᠢᠷ᠎ᠠ ᠶᠢᠨ ᠵᠢᠯ ᠠᠴᠠ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠦᠯᠡᠮᠵᠢ ᠦᠷ᠎ᠡ ᠪᠦᠲᠦᠭᠡᠯ ᠣᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠦᠷ᠎ᠡ ᠪᠦᠲᠦᠮᠵᠢ ᠡᠳᠦᠷ ᠢᠷᠡᠬᠦᠶ᠎ᠡ ᠲᠣᠪᠤᠶᠢᠮ᠎ᠠ ᠪᠤᠯᠪᠠ︔ ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠩᠭᠤᠢ ᠴᠢᠨᠠᠷ᠂ ᠲᠡᠩᠴᠡᠭᠦᠷᠢᠲᠦ ᠴᠢᠨᠠᠷ ᠢᠯᠡᠳᠲᠡ ᠴᠢᠩᠭᠠᠷᠠᠪᠠ︔ ᠥᠭᠡᠷᠡᠴᠢᠯᠡᠯᠲᠡ ᠨᠡᠭᠡᠭᠡᠯᠲᠡ ᠪᠦᠭᠦ ᠲᠠᠯ᠎ᠠ ᠪᠠᠷ ᠭᠦᠨᠵᠡᠭᠡᠶᠢᠷᠡᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠬᠥᠭᠵᠢᠨ ᠪᠠᠳᠠᠷᠠᠪᠠ︔ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠥᠭᠵᠢᠯᠲᠡ ᠶᠢᠨ ᠭᠡᠯᠪᠡᠷᠢ ᠶᠢ ᠬᠤᠪᠢᠷᠠᠭᠤᠯᠬᠤ ᠠᠯᠬᠤᠴᠠ ᠲᠦᠷᠭᠡᠳᠴᠦ᠂ ᠴᠢᠨᠠᠷ ᠰᠠᠶᠢᠲᠠᠢ ᠬᠥᠭᠵᠢᠯᠲᠡ ᠢᠯᠡᠳᠲᠡ ᠦᠷ᠎ᠡ ᠪᠦᠲᠦᠮᠵᠢ ᠣᠯᠪᠠ᠃ ᠡᠭᠦᠨ ᠤ ᠵᠡᠷᠭᠡ ᠪᠠᠷ᠂ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠬᠦ ᠡᠯᠧᠮᠧᠨ᠋ᠲ ᠪᠠᠰᠠ ᠶᠡᠭᠡ ᠬᠡᠮᠵᠢᠶ᠎ᠡ ᠪᠠᠷ ᠣᠷᠣᠰᠢᠵᠤ ᠪᠠᠶᠢᠨ᠎ᠠ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃    ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠰᠢᠨ᠎ᠡ ᠦᠢᠯᠡᠳᠪᠦᠷᠢᠯᠡᠯ ᠤᠨ ᠬᠦᠴᠦᠨ ᠤ ᠤᠨᠤᠯ ᠢᠶᠠᠷ ᠵᠢᠯᠤᠭᠤᠳᠬᠤ ᠴᠢᠬᠤᠯᠠᠲᠠᠢ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠨᠢ ᠨᠢᠭᠡᠨᠲᠡ ᠦᠢᠯᠡᠳᠦᠯᠭᠡ ᠶᠢᠨ ᠳᠤᠮᠳᠠ ᠪᠦᠷᠢᠯᠳᠦᠭᠰᠡᠨ ᠪᠥᠭᠡᠳ ᠴᠢᠨᠠᠷ ᠰᠠᠶᠢᠲᠠᠢ ᠬᠥᠭᠵᠢᠯᠲᠡ ᠳᠤ ᠴᠢᠩᠭ᠎ᠠ ᠬᠦᠴᠦᠲᠡᠢ ᠠᠬᠢᠭᠤᠯᠬᠤ ᠬᠦᠴᠦᠨ᠂ ᠲᠤᠯᠭᠠᠭᠤᠷᠢᠯᠠᠬᠤ ᠬᠦᠴᠦᠨ ᠢ ᠢᠯᠡᠷᠡᠭᠦᠯᠦᠭᠰᠡᠨ ᠪᠠᠶᠢᠨ᠎ᠠ᠂ ᠪᠢᠳᠡ ᠤᠨᠤᠯ ᠤᠨ ᠲᠠᠯ᠎ᠠ ᠪᠠᠷ ᠳ᠋ᠦᠩᠨᠡᠨ ᠬᠤᠷᠢᠶᠠᠩᠭᠤᠶᠢᠯᠠᠵᠤ ᠰᠢᠨ᠎ᠡ ᠬᠥᠭᠵᠢᠯᠲᠡ ᠶᠢᠨ ᠦᠢᠯᠡᠳᠦᠯᠭᠡ ᠶᠢ ᠵᠢᠯᠣᠭᠤᠳᠤᠭᠤᠯᠬᠤ ᠬᠡᠷᠡᠭᠲᠡᠢ᠃ ᠬᠤᠷᠢᠶᠠᠩᠭᠤᠶᠢᠯᠠᠭᠠᠳ ᠬᠡᠯᠡᠪᠡᠯ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯ ᠰᠢᠨ᠎ᠡ ᠶᠢ ᠡᠭᠦᠳᠬᠦ ᠳᠤ ᠭᠤᠣᠯᠯᠠᠬᠤ ᠦᠢᠯᠡᠳᠦᠯ ᠢ ᠦᠵᠡᠭᠦᠯᠵᠦ᠂ ᠤᠯᠠᠮᠵᠢᠯᠠᠯᠲᠤ ᠠᠵᠤ ᠠᠬᠤᠢ ᠶᠢᠨ ᠨᠡᠮᠡᠭᠳᠡᠯ ᠤᠨ ᠭᠡᠯᠪᠡᠷᠢ᠂ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠠᠷᠭ᠎ᠠ ᠵᠠᠮ ᠠᠴᠠ ᠮᠤᠯᠲᠤᠷᠠᠵᠤ᠂ ᠳᠡᠭᠡᠳᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠥᠨᠳᠥᠷ ᠦᠷ᠎ᠡ ᠪᠦᠲᠦᠮᠵᠢ᠂ ᠴᠢᠨᠠᠷ ᠰᠠᠶᠢᠲᠠᠢ ᠪᠠᠶᠢᠬᠤ ᠣᠨᠴᠠᠯᠢᠭ ᠲᠠᠢ ᠪᠠᠶᠢᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠳᠤ ᠨᠡᠶᠢᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠤ ᠭᠡᠯᠪᠡᠷᠢ ᠪᠠᠶᠢᠳᠠᠯ ᠪᠣᠯᠣᠨ᠎ᠠ᠃ ᠲᠡᠷᠡ ᠨᠢ ᠮᠡᠷᠭᠡᠵᠢᠯ ᠤᠨ ᠲᠠᠯ᠎ᠠ ᠪᠠᠷ ᠬᠤᠪᠢᠰᠬᠠᠯ ᠤᠨ ᠴᠢᠨᠠᠷᠲᠠᠢ ᠰᠢᠪᠲᠤᠯᠤᠯᠲᠠ ᠭᠠᠷᠭᠠᠬᠤ᠂ ᠦᠢᠯᠡᠳᠪᠦᠷᠢᠯᠡᠯ ᠤᠨ ᠡᠯᠧᠮᠧᠨ᠋ᠲ ᠢ ᠰᠢᠨ᠎ᠡ ᠶᠢ ᠡᠭᠦᠳᠬᠦ ᠴᠢᠨᠠᠷᠲᠠᠢ ᠲᠣᠬᠢᠷᠠᠭᠤᠯᠬᠤ᠂ ᠠᠵᠤ ᠦᠢᠯᠡᠰ ᠢ ᠭᠦᠨ ᠭᠦᠨᠵᠡᠭᠡᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤᠮᠳᠠ ᠪᠤᠢ ᠪᠣᠯᠵᠤ᠂ ᠬᠥᠳᠡᠯᠮᠦᠷᠢᠯᠡᠭᠴᠢ᠂ ᠭᠦᠳᠡᠯᠮᠦᠷᠢ ᠶᠢᠨ ᠮᠠᠲ᠋ᠧᠷᠢᠶᠠᠯ᠂ ᠭᠦᠳᠡᠯᠮᠦᠷᠢ ᠶᠢᠨ ᠡᠲᠡᠭᠡᠳ ᠵᠢᠴᠢ ᠡᠳᠡᠭᠡᠷ ᠢ ᠰᠢᠯᠢᠳᠡᠭᠵᠢᠭᠦᠯᠦᠨ ᠨᠡᠶᠢᠯᠡᠭᠦᠯᠵᠦ ᠦᠰᠦᠷᠦᠯᠲᠡ ᠭᠠᠷᠭᠠᠬᠤ ᠪᠠᠷ ᠦᠨᠳᠦᠰᠦᠨ ᠠᠭᠤᠯᠤᠭᠳᠠᠬᠤᠨ ᠢᠶᠠᠨ ᠪᠤᠯᠭᠠᠵᠤ᠂ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠭᠦ ᠪᠠᠷ ᠭᠤᠣᠯ ᠪᠡᠯᠭᠡ ᠲᠡᠮᠳᠡᠭ ᠪᠤᠯᠭᠠᠵᠤ᠂ ᠰᠢᠨ᠎ᠡ ᠶᠢ ᠡᠭᠦᠳᠬᠦ ᠪᠠᠷ ᠣᠨᠴᠠᠯᠢᠭ ᠪᠤᠯᠭᠠᠵᠤ᠂ ᠴᠢᠨᠠᠷᠯᠢᠭ ᠪᠠᠶᠢᠬᠤ ᠪᠠᠷ ᠵᠠᠩᠭᠢᠯᠠᠭ᠎ᠠ ᠪᠤᠯᠭᠠᠵᠤ᠂ ᠮᠥᠨ ᠴᠢᠨᠠᠷ ᠨᠢ ᠲᠡᠷᠢᠭᠦᠨ ᠤ ᠦᠢᠯᠡᠳᠪᠦᠷᠢᠯᠡᠯ ᠤᠨ ᠬᠦᠴᠦᠨ ᠪᠣᠯᠣᠨ᠎ᠠ ᠭᠡᠵᠦ ᠴᠢᠬᠤᠯᠠᠴᠢᠯᠠᠪᠠ᠃    ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠢ ᠰᠢᠨ᠎ᠡ ᠠᠵᠤ ᠦᠢᠯᠡᠰ᠂ ᠰᠢᠨ᠎ᠡ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠡᠯᠧᠮᠧᠨ᠋ᠲ ᠪᠣᠯᠣᠨ᠎ᠠ᠃ ᠡᠷᠬᠡᠪᠰᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠢᠯᠠᠩᠭᠤᠶ᠎ᠠ ᠠᠩᠬᠠᠨ ᠤ ᠡᠭᠦᠳᠦᠯᠲᠡ ᠶᠢᠨ ᠴᠢᠨᠠᠷᠲᠠᠢ᠂ ᠳᠣᠩᠰᠣᠯᠤᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠲᠦᠷᠭᠡᠳᠬᠡᠨ ᠪᠡᠶᠡᠯᠡᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠩᠬᠠᠨ ᠤ ᠡᠭᠦᠳᠦᠯᠲᠡ ᠶᠢᠨ ᠴᠢᠨᠠᠷᠲᠠᠢ᠂ ᠳᠣᠩᠰᠣᠯᠤᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠥᠷᠢᠰᠦᠯᠳᠦᠭᠦᠯᠦᠨ ᠴᠣᠯᠭᠤᠷᠠᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃    ᠰᠢ ᠶᠢᠨ ᠫᠢᠩ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠴᠠᠭ ᠲᠤᠬᠠᠢ ᠳᠤᠨᠢ ᠪᠣᠳᠠᠲᠠᠢ ᠠᠵᠤ ᠦᠢᠯᠡᠰ ᠪᠣᠯᠣᠨ ᠠᠵᠤ ᠦᠢᠯᠡᠰ ᠤᠨ ᠬᠡᠯᠬᠢᠶ᠎ᠡ ᠳᠤ ᠬᠡᠷᠡᠭᠯᠡᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢᠨ ᠲᠣᠭᠤᠷᠢᠨ ᠳᠤ ᠠᠵᠤ ᠦᠢᠯᠡᠰ ᠤᠨ ᠬᠡᠯᠬᠢᠶ᠎ᠡ ᠶᠢ ᠪᠠᠶᠢᠷᠢᠰᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠦᠢᠯᠡᠰ ᠤᠨ ᠰᠢᠰᠲ᠋ᠧᠮ ᠤᠨ ᠪᠡᠶ᠎ᠡ ᠪᠠᠨ ᠳᠠᠭᠠᠭᠠᠵᠤ ᠡᠵᠡᠮᠳᠡᠵᠦ ᠪᠤᠯᠬᠤ᠂ ᠠᠮᠤᠷ ᠲᠦᠪᠰᠢᠨ ᠨᠠᠶᠢᠳᠠᠪᠤᠷᠢᠲᠠᠢ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠪᠠ ᠦᠢᠯᠡᠳᠬᠦ ᠦᠢᠯᠡᠰ ᠤᠨ ᠬᠦᠴᠦᠷᠬᠡᠭ ᠤᠯᠤᠰ᠂ ᠶᠠᠰᠤ ᠴᠢᠨᠠᠷ ᠤᠨ ᠬᠦᠴᠦᠷᠬᠡᠭ ᠤᠯᠤᠰ᠂ ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ ᠪᠠ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠰᠢᠨ᠎ᠡ ᠶᠢ ᠡᠭᠦᠳᠬᠦ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠬᠡᠷᠡᠭᠲᠡᠢ᠃ ᠲᠣᠭᠠᠴᠢᠯᠠᠭᠰᠠᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠳᠡᠯᠡᠬᠡᠢ ᠳᠤ ᠥᠷᠢᠰᠦᠯᠳᠦᠬᠦ ᠬᠦᠴᠦᠨ ᠲᠠᠢ ᠲᠣᠭᠠᠴᠢᠯᠠᠭᠰᠠᠨ ᠠᠵᠤ ᠦᠢᠯᠡᠰ ᠤᠨ ᠪᠦᠯᠦᠭᠵᠢᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠪᠣᠬᠢᠷᠳᠤᠯ ᠦᠭᠡᠢ ᠬᠥᠭᠵᠢᠯᠲᠡ ᠪᠣᠯ ᠴᠢᠨᠠᠷ ᠰᠠᠶᠢᠲᠠᠢ ᠬᠥᠭᠵᠢᠯᠲᠡ ᠶᠢᠨ ᠳᠡᠪᠢᠰᠬᠡᠷ ᠥᠩᠭᠡ ᠮᠥᠨ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠣᠰ ᠪᠡᠶ᠎ᠡ ᠨᠢ ᠪᠣᠬᠢᠷᠳᠤᠯ ᠦᠭᠡᠢ ᠦᠢᠯᠡᠳᠪᠦᠷᠢᠯᠡᠯ ᠤᠨ ᠬᠦᠴᠦᠨ ᠮᠥᠨ᠃ ᠡᠷᠬᠡᠪᠰᠢ ᠬᠥᠭᠵᠢᠯᠲᠡ ᠶᠢᠨ ᠭᠡᠯᠪᠡᠷᠢ ᠪᠠᠨ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠲᠦᠷᠭᠡᠳᠬᠡᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠪᠣᠬᠢᠷᠳᠤᠯ ᠦᠭᠡᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠡᠷᠢᠭᠦᠨ ᠤ ᠪᠣᠬᠢᠷᠳᠤᠯ ᠦᠭᠡᠢ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠪᠣᠬᠢᠷᠳᠤᠯ ᠦᠭᠡᠢ ᠦᠢᠯᠡᠳᠬᠦ ᠦᠢᠯᠡᠰ ᠢ ᠬᠦᠴᠦᠷᠬᠡᠭᠵᠢᠭᠦᠯᠦᠨ᠂ ᠪᠣᠬᠢᠷᠳᠤᠯ ᠦᠭᠡᠢ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠪᠣᠬᠢᠷᠳᠤᠯ ᠦᠭᠡᠢ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠤᠨ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠪᠠ ᠬᠠᠩᠭᠠᠯᠭ᠎ᠠ ᠶᠢᠨ ᠬᠡᠯᠬᠢᠶ᠎ᠡ ᠶᠢ ᠬᠥᠭᠵᠢᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠳᠡᠮᠵᠢᠬᠦ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠦᠷᠭᠦᠯᠵᠢᠯᠡᠨ ᠰᠢᠯᠢᠳᠡᠭᠵᠢᠭᠦᠯᠵᠦ᠂ ᠪᠣᠬᠢᠷᠳᠤᠯ ᠦᠭᠡᠢ ᠮᠥᠩᠭᠦᠨ ᠭᠦᠢᠯᠭᠡᠭᠡᠨ ᠤ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠥᠨᠳᠥᠷ ᠪᠦᠲᠦᠮᠵᠢᠲᠡᠶ ᠠᠮᠢ ᠠᠬᠤᠢ ᠶᠢᠨ ᠪᠣᠬᠢᠷᠳᠤᠯ ᠦᠭᠡᠢ ᠠᠵᠤ ᠦᠢᠯᠡᠰ ᠤᠨ ᠪᠦᠯᠦᠭᠵᠢᠯ ᠢ ᠪᠤᠶ ᠪᠤᠯᠭᠠᠬᠤ ᠬᠡᠷᠡᠭᠲᠡᠢ᠃ ᠡᠭᠦᠨ ᠤ ᠵᠡᠷᠭᠡ ᠪᠠᠷ᠂ ᠨᠡᠶᠢᠭᠡᠮ ᠳᠠᠶᠠᠭᠠᠷ ᠲᠤ ᠪᠣᠬᠢᠷᠳᠤᠯ ᠦᠭᠡᠢ ᠡᠷᠡᠭᠦᠯ ᠰᠠᠷᠠᠭᠤᠯ ᠠᠮᠢᠳᠤᠷᠠᠯ ᠤᠨ ᠭᠡᠯᠪᠡᠷᠢ ᠶᠢ ᠶᠡᠭᠡ ᠪᠠᠷ ᠰᠠᠨᠠᠭᠠᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠦᠢᠯᠡᠳᠪᠦᠷᠢᠯᠡᠯ ᠤᠨ ᠬᠠᠷᠢᠴᠠᠭ᠎ᠠ ᠡᠷᠬᠡᠪᠰᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠬᠤ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠡᠷᠬᠡᠪᠰᠢ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠲᠡᠭᠦᠨ ᠲᠠᠢ ᠵᠣᠬᠢᠴᠠᠯᠳᠤᠭᠰᠠᠨ ᠰᠢᠨ᠎ᠡ ᠮᠠᠶ᠋ᠢᠭ ᠤᠨ ᠦᠢᠯᠡᠳᠪᠦᠷᠢᠯᠡᠯ ᠤᠨ ᠬᠠᠷᠢᠴᠠᠭ᠎ᠠ ᠶᠢ ᠪᠤᠢ ᠪᠤᠯᠭᠠᠬᠤ ᠬᠡᠷᠡᠭᠲᠡᠢ᠃ ᠠᠵᠤ ᠠᠬᠤᠢ ᠶᠢᠨ ᠪᠠᠶᠢᠭᠤᠯᠤᠮᠵᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠵᠡᠷᠭᠡ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠴᠡᠭ ᠬᠤᠷᠢᠭ᠎ᠠ ᠴᠡᠭ ᠢ ᠬᠦᠴᠦᠯᠡᠨ ᠨᠠᠪᠲᠠᠷᠡᠭᠦᠯᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ ᠦᠢᠯᠡᠳᠪᠦᠷᠢᠯᠡᠯ ᠤᠨ ᠡᠯᠧᠮᠧᠨ᠋ᠲ ᠢ ᠲᠣᠬᠢᠷᠠᠭᠤᠯᠬᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠡᠯ᠎ᠡ ᠲᠦᠷᠦᠯ ᠤᠨ ᠲᠡᠷᠢᠭᠦᠨ ᠤ ᠴᠢᠨᠠᠷ ᠰᠠᠶᠢᠲᠠᠢ ᠦᠢᠯᠡᠳᠪᠦᠷᠢᠯᠡᠯ ᠤᠨ ᠡᠯᠧᠮᠧᠨ᠋ᠲ ᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠡᠶᠢᠰᠢ ᠤᠷᠤᠭᠰᠢᠲᠠᠢ ᠰᠢᠯᠵᠢᠭᠦᠯᠬᠦ ᠬᠡᠷᠡᠭᠲᠡᠢ᠃ ᠡᠭᠦᠨ ᠤ ᠬᠠᠮᠲᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠰᠠᠶᠢᠨ ᠰᠠᠶᠢᠬᠠᠨ ᠤᠯᠠᠨ ᠤᠯᠤᠰ ᠤᠨ ᠣᠷᠴᠢᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠱᠠᠭᠠᠷᠳᠠᠯᠭ᠎ᠠ ᠶᠣᠰᠣᠭᠠᠷ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠰᠠᠶᠢᠨ ᠰᠠᠶᠢᠬᠠᠨ ᠡᠷᠭᠢᠯᠲᠡ ᠶᠢ ᠰᠢᠯᠤᠭᠤᠳᠬᠠᠵᠤ᠂ ᠴᠢᠳᠠᠪᠤᠷᠢᠲᠠᠨ ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠵᠣᠬᠢᠰᠲᠠᠢ ᠰᠢᠯᠵᠢᠭᠦᠯᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠰᠢᠨ᠎ᠡ ᠬᠠᠨᠳᠤᠰᠢ ᠶᠢ ᠦᠨᠳᠦᠰᠦᠯᠡᠨ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠷᠢᠯᠠᠭᠤᠯᠤᠯᠲᠠ᠂ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠢ ᠰᠢᠯᠢᠳᠡᠭᠵᠢᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠴᠢᠮ ᠬᠡᠷᠡᠭᠰᠡᠬᠦ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ᠃ ᠴᠢᠬᠤᠯᠠ ᠡᠯᠧᠮᠧᠨ᠋ᠲ ᠤᠨ ᠣᠷᠣᠯᠭ᠎ᠠ ᠶᠢᠨ ᠬᠤᠪᠢᠶᠠᠷᠢᠯᠠᠯᠲᠠ ᠳᠤ ᠣᠷᠤᠯᠴᠠᠬᠤ ᠲᠣᠭᠲᠠᠴᠠ ᠶᠢ ᠪᠦᠷᠢᠨᠰᠢᠭᠦᠯᠵᠦ᠂ ᠭᠦᠳᠡᠯᠮᠦᠷᠢ᠂ ᠮᠡᠳᠡᠯᠭᠡ᠂ ᠮᠡᠷᠭᠡᠵᠢᠯ᠂ ᠬᠠᠮᠢᠶᠠᠷᠤᠯᠲᠠ᠂ ᠬᠥᠷᠥᠩᠭᠡ ᠪᠣᠯᠣᠨ ᠳ᠋ᠠᠶᠢᠲ᠋ᠠ ᠵᠡᠷᠭᠡ ᠦᠢᠯᠡᠳᠪᠦᠷᠢᠯᠡᠯ ᠤᠨ ᠴᠢᠬᠤᠯᠠ ᠡᠯᠧᠮᠧᠨ᠋ᠲ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠮᠡᠳᠡᠯᠭᠡ᠂ ᠮᠡᠷᠭᠡᠵᠢᠯ᠂ ᠴᠢᠳᠠᠪᠤᠷᠢᠲᠠᠨ ᠤ ᠵᠠᠬ᠎ᠠ ᠳᠡᠯᠭᠡᠭᠦᠷ ᠤᠨ ᠦᠷᠳᠡᠭ ᠢ ᠨᠡᠩ ᠰᠠᠶᠢᠲᠤᠷ ᠢᠯᠡᠷᠡᠭᠦᠯᠵᠦ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠢᠯᠠᠭᠳᠠᠬᠤ ᠶᠢ ᠪᠠᠭᠲᠠᠭᠠᠨ ᠠᠭᠤᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1