ᠶᠦᠨ ᠱᠠᠨ ᠯᠦ ᠵᠡᠭᠡᠯᠢ ᠭᠤᠳᠤᠮᠵᠢ ᠬᠤᠸᠠᠷ ᠫᠤᠤᠵᠢᠩ ᠤᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/5
    ᠣᠶᠢᠷ᠎ᠠ ᠳᠤ᠂ ᠶᠦᠨ ᠱᠠᠨ ᠯᠦ ᠵᠡᠭᠡᠯᠢ ᠭᠤᠳᠤᠮᠵᠢ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠸᠠᠷ ᠫᠤᠤᠵᠢᠩ ᠤᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠬᠤᠸᠠᠷ ᠫᠤᠤᠵᠢᠩ ᠲᠠᠯᠪᠢᠭᠰᠠᠨ ᠠᠴᠠ ᠪᠣᠯᠤᠭᠰᠠᠨ ᠭᠠᠯ ᠤᠨ ᠠᠶᠤᠯ᠂ ᠳᠡᠯᠪᠡᠷᠡᠯᠲᠡ ᠵᠡᠷᠭᠡ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠤᠷ ᠠᠮᠤᠭᠤᠯᠠᠩ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠭᠰᠠᠨ ᠪᠠᠶᠢᠨ᠎ᠠ᠃
1_副本.jpg
       ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠡᠷᠴᠢᠮ ᠲᠠᠢ ᠃ ᠵᠡᠭᠡᠯᠢ ᠭᠤᠳᠤᠮᠵᠢ ᠶᠢᠨ ᠬᠢᠨ ᠬᠤᠸᠠᠷ ᠫᠤᠤᠵᠢᠩ ᠤᠨ ︽ᠬᠠᠤᠯᠢ ᠪᠤᠰᠤ ᠦᠶᠯᠡ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠳᠥᠷᠢᠮ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠵᠠᠰᠠᠬᠤ ︾ ᠠᠵᠢᠯ ᠤᠨ ᠬᠤᠷᠠᠯ ᠬᠤᠷᠠᠯᠳᠤᠭᠤᠯᠵᠤ ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠤᠸᠠᠷ ᠫᠤᠤᠵᠢᠩ ᠤᠨ ︽ᠬᠠᠤᠯᠢ ᠪᠤᠰᠤ ᠦᠶᠯᠡ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠳᠥᠷᠢᠮ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠵᠠᠰᠠᠬᠤ︾ ᠲᠤᠰᠬᠠᠢ ᠠᠵᠢᠯᠯᠠᠭ᠎ᠠ ᠶᠢ ᠨᠢᠭᠡ ᠵᠦᠢᠯ ᠤᠨ ᠴᠢᠬᠤᠯᠠ ᠠᠵᠢᠯ ᠪᠣᠯᠭᠠᠨ ᠠᠳᠬᠤᠵᠤ᠂ ᠬᠠᠷᠢᠶ᠎ᠠ ᠣᠷᠤᠨ ᠤ ᠬᠤᠸᠠᠷ ᠫᠤᠤᠵᠢᠩ ᠤᠨ ᠵᠢᠵᠢᠭᠯᠡᠨ ᠬᠤᠳᠠᠯᠳᠤᠬᠤ ᠳᠡᠯᠭᠡᠭᠦᠷ ︵ᠴᠡᠭ︶᠎ ᠢ ᠴᠢᠩᠭ᠎ᠠ ᠠᠩᠬᠠᠷᠴᠤ᠂ ᠵᠡᠭᠡᠯᠢ ᠭᠤᠳᠤᠮᠵᠢ ᠶᠢᠨ ᠬᠤᠸᠠᠷ ᠫᠤᠤᠵᠢᠩ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠪᠠ ᠃
2_副本.jpg
       ᠭᠡᠮ ᠰᠤᠭᠤᠭ ᠢ ᠥᠨᠴᠥᠭ ᠪᠤᠯᠤᠩ ᠥᠯᠡᠳᠡᠭᠡᠯ ᠦᠭᠡᠢ ᠵᠢᠭᠰᠠᠭᠠᠨ ᠪᠠᠶᠢᠴᠠᠭᠠᠪᠠ᠃ ᠲᠤᠤᠷᠯᠢᠭ ᠢᠶᠠᠷ ᠨᠢᠭᠡᠴᠢ ᠪᠣᠯᠭᠠᠨ᠂ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠬᠠᠷᠢᠶ᠎ᠠ ᠣᠷᠣᠨ ᠤ ᠳᠣᠲᠣᠷᠠᠬᠢ 20 ᠬᠤᠸᠠᠷ ᠫᠤᠤᠵᠢᠩ ᠡᠵᠡᠩᠨᠡᠵᠦ ᠵᠢᠵᠢᠭᠯᠡᠨ ᠬᠤᠳᠠᠯᠳᠤᠬᠤ ᠳᠡᠯᠭᠡᠭᠦᠷ ︵ ᠴᠡᠭ︶᠎ ᠲᠤ ︽ᠲᠣᠣᠷ ᠲᠠᠲᠠᠬᠤ ᠮᠠᠶ᠋ᠢᠭ︾᠎ ᠤᠨ ᠪᠠᠶᠢᠴᠠᠭᠠᠯᠲᠠ ᠶᠢ ᠭᠦᠨᠵᠡᠭᠡᠢ ᠪᠥᠭᠡᠳ ᠨᠠᠷᠢᠨ ᠨᠢᠮᠪᠠᠢ ᠥᠷᠨᠢᠭᠦᠯᠪᠡ᠃ ᠪᠠᠶᠢᠴᠠᠭᠠᠬᠤ ᠶᠠᠪᠤᠴᠠ ᠎ ᠳᠤ᠂ ᠬᠤᠸᠠᠷ ᠫᠤᠤᠵᠢᠩ ᠎ ᠢ ᠬᠠᠤᠯᠢ ᠪᠤᠰᠤ ᠪᠠᠷ ᠬᠠᠳᠠᠭᠠᠯᠠᠬᠤ ᠂ ᠡᠵᠡᠩᠨᠡᠬᠦ ᠥᠢᠯᠡ ᠠᠵᠢᠯᠯᠠᠭ᠎ᠠ ᠶᠢᠨ ᠬᠠᠤᠯᠢ ᠠᠴᠠ ᠵᠥᠷᠢᠴᠡᠭᠰᠡᠨ ᠴᠢᠨᠠᠷ ᠪᠣᠯᠣᠨ ᠬᠤᠣᠷ ᠬᠥᠨᠥᠭᠡᠯᠳᠦ ᠴᠢᠨᠠᠷ ᠵᠢᠴᠢ ᠲᠠᠯᠪᠢᠬᠤ ᠬᠤᠷᠢᠭᠠᠲᠠᠢ ᠣᠷᠣᠨ ᠎ ᠤ ᠬᠡᠪᠴᠢᠶᠡᠨ ᠎ ᠳᠤ ᠬᠤᠸᠠᠷ ᠫᠤᠤᠵᠢᠩ ᠪᠣᠷᠣᠯᠠᠭᠤᠯᠬᠤ ᠪᠠ ᠲᠠᠯᠪᠢᠬᠤ ᠶᠢ ᠴᠠᠭᠠᠵᠠᠯᠠᠬᠤ ᠥᠢᠯᠡ ᠠᠵᠢᠯᠯᠠᠭ᠎ᠠ ᠶᠢ ᠬᠤᠳᠠᠯᠳᠤᠭᠠᠴᠢᠨ ᠡᠷᠥᠭᠡ ᠂ ᠤᠯᠠᠨ ᠲᠦᠮᠡᠨ ᠎ ᠳᠤ ᠢᠳᠡᠪᠬᠢᠲᠡᠢ ᠪᠠᠷ ᠤᠬᠠᠭᠤᠯᠪᠠ᠃ ᠡᠭᠦᠨ ᠤ ᠬᠠᠮᠲᠤ᠂ ᠬᠠᠷᠢᠶ᠎ᠠ ᠣᠷᠣᠨ ᠤ ᠳᠣᠲᠣᠷᠠᠬᠢ ᠬᠠᠶᠠᠭᠳᠠᠮᠠᠯ ᠦᠢᠯᠡᠳᠪᠦᠷᠢ ᠶᠢᠨ ᠭᠡᠷ ᠪᠠᠶᠢᠰᠢᠩ᠂ ᠰᠤᠯᠠ ᠪᠠᠶᠢᠬᠤ ᠭᠡᠷ ᠪᠠᠶᠢᠰᠢᠩ ᠵᠡᠷᠭᠡ ᠲᠠᠯᠠᠪᠤᠷ ᠭᠠᠵᠠᠷ ᠲᠤ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠯᠲᠠ ᠬᠢᠵᠦ᠂ ᠶᠠᠮᠠᠷᠪᠠ ᠥᠨᠴᠥᠭ ᠪᠣᠯᠤᠩ ᠢ ᠥᠯᠡᠳᠡᠭᠡᠯ ᠥᠭᠡᠢ ᠪᠠᠶᠢᠴᠠᠭᠠᠪᠠ᠃
3_副本.jpg
       ᠤᠬᠠᠭᠤᠯᠭ᠎ᠠ ᠬᠥᠮᠦᠵᠢᠯ ᠢ ᠰᠠᠶᠢᠲᠤᠷ ᠬᠢᠪᠡ᠃ ᠰᠡᠷᠡᠮᠵᠢᠯᠡᠭᠦᠯᠬᠦ ᠤᠷᠢᠶ᠎ᠠ ᠡᠯᠭᠦᠬᠦ ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠰᠦᠯᠵᠢᠶᠡᠨ ᠠᠴᠠ ᠭᠠᠳᠠᠨᠠᠬᠢ ᠠᠷᠭ᠎ᠠ ᠮᠠᠶ᠋ᠢᠭ ᠢ ᠭᠦᠢᠴᠡᠳ ᠠᠰᠢᠭᠯᠠᠨ᠂ ᠸᠢᠴᠠᠲ ᠬᠤᠯᠪᠤᠭ᠎ᠠ ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠰᠦᠯᠵᠢᠶᠡᠨ ᠳᠡᠭᠡᠷᠡᠬᠢ ᠲᠠᠪᠴᠠᠩ ᠳᠤ ᠲᠦᠰᠢᠭᠯᠡᠨ᠂ ᠣᠯᠠᠨ ᠲᠦᠮᠡᠨ ᠢ ᠬᠤᠸᠠᠷ ᠫᠤᠤᠵᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢᠨ ᠦᠢᠯᠡᠳᠦᠯᠭᠡᠵᠢᠭᠦᠯᠦᠭᠴᠢ ᠪᠠ ᠣᠷᠣᠯᠴᠠᠭᠴᠢ ᠪᠣᠯᠭᠠᠵᠤ᠂ ᠬᠤᠸᠠᠷ ᠫᠤᠤᠵᠢᠩ ᠤᠨ ᠠᠮᠤᠷ ᠲᠦᠪᠰᠢᠨ ᠤ ᠲᠤᠰᠬᠠᠢ ᠵᠦᠢᠯ ᠤᠨ ᠪᠠᠶᠢᠴᠠᠭᠠᠯᠲᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠳᠤ ᠬᠦᠴᠦ ᠨᠡᠮᠡᠷᠢᠯᠡᠵᠦ᠂ ᠬᠠᠷᠢᠶ᠎ᠠ ᠣᠷᠣᠨ ᠤ ᠡᠶ᠎ᠡ ᠵᠣᠬᠢᠴᠠᠯ ᠲᠠᠢ ᠡᠮᠬᠢ ᠵᠢᠷᠤᠮ ᠲᠠᠢ ᠠᠮᠤᠷ ᠲᠦᠪᠰᠢᠨ ᠣᠷᠴᠢᠨ ᠲᠣᠭᠤᠷᠢᠨ ᠢ ᠪᠣᠶ ᠪᠣᠯᠭᠠᠬᠤ ᠳᠤ ᠬᠦᠴᠦᠲᠡᠢ ᠪᠠᠲᠤᠯᠠᠭ᠎ᠠ ᠬᠠᠩᠭᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1