ᠵᠠᠩ ᡁᠢ ᠸᠧᠢ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠳᠤ ᠬᠥᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/2/5
    2 ᠰᠠᠷ᠎ᠠ ᠶᠢᠨ 4᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠤᠷᠢᠳ ᠬᠤᠵᠢᠳ ᠥᠪᠥᠷ ᠮᠣᠩᠭᠤᠯ ᠤᠨ ᠼᠣᠣ ᠶᠤᠸᠠᠨ ᠾᠦᠢ ᠰᠢᠶᠠᠩ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠣᠨ ᠥᠪᠥᠷ ᠮᠣᠩᠭᠤᠯ ᠤᠨ ᠼᠣᠣ ᠶᠤᠸᠠᠨ ᠹᠦ᠋ ᠮᠧᠶ ᠢᠳᠡᠭᠡᠨ ᠤ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠪᠠ᠃
 1_副本.jpg
       ᠵᠠᠩ ᡁᠢ ᠸᠧᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠵᠦ᠂ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠨ᠂ ᠣᠳᠣᠬᠢ ᠱᠠᠲᠤᠨ ᠤ ᠦᠢᠯᠡᠳᠬᠦᠨ ᠤ ᠦᠢᠯᠡᠳᠪᠦᠷᠢᠯᠡᠯ ᠤᠨ ᠰᠤᠳᠤᠯᠤᠨ ᠨᠡᠭᠡᠭᠡᠯᠲᠡ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠪᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠦᠢᠯᠡᠳᠪᠦᠷᠢᠯᠡᠯ ᠤᠨ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠠᠰᠠᠭᠤᠨ ᠯᠠᠪᠯᠠᠵᠠᠢ᠃    ᠵᠠᠩ ᡁᠢ ᠸᠧᠢ ᠵᠢᠭᠠᠵᠤ ᠭᠠᠷᠭᠠᠭᠰᠠᠨ ᠨᠢ᠂ ᠢᠳᠡᠭᠡᠨ ᠤ ᠠᠮᠤᠷ ᠲᠦᠪᠰᠢᠨ ᠨᠢ ᠣᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠂ ᠠᠵᠤ ᠠᠬᠤᠶᠢᠯᠠᠯ ᠤᠳ ᠦᠢᠯᠡᠳᠪᠦᠷᠢᠯᠡᠯ ᠤᠨ ᠡᠬᠢ ᠡᠭᠦᠰᠦᠯ ᠠᠴᠠ ᠢᠳᠡᠭᠡᠨ ᠤ ᠠᠮᠤᠷ ᠲᠦᠪᠰᠢᠨ ᠤ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠵᠤ᠂ ᠬᠡᠷᠡᠭᠯᠡᠭᠴᠢᠳ ᠢ ᠰᠠᠨᠠᠭ᠎ᠠ ᠠᠮᠤᠷ ᠬᠤᠳᠠᠯᠳᠤᠨ ᠠᠪᠴᠤ᠂ ᠰᠠᠨᠠᠭ᠎ᠠ ᠠᠮᠤᠷ ᠢᠳᠡᠭᠦᠯᠬᠦ ᠶᠢᠨ ᠬᠠᠮᠲᠤ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠨ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨ᠎ᠡ ᠦᠢᠯᠡᠳᠬᠦᠨ ᠢ ᠰᠤᠳᠤᠯᠤᠨ ᠨᠡᠭᠡᠭᠡᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠠᠳᠠᠯᠢ ᠪᠤᠰᠤ ᠬᠡᠷᠡᠭᠯᠡᠭᠡᠨ ᠤ ᠣᠯᠡᠨ ᠨᠡᠶᠢᠲᠡ ᠲᠤ ᠴᠢᠭᠯᠡᠭᠦᠯᠦᠨ ᠂ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠲᠠᠢ ᠨᠠᠷᠢᠯᠢᠭ ᠣᠨᠣᠴᠠᠲᠠᠢ ᠪᠠᠷ ᠵᠣᠯᠭᠠᠭᠤᠯᠤᠨ ᠰᠢᠨ᠎ᠡ ᠮᠠᠶ᠋ᠢᠭ ᠤᠨ ᠦᠢᠯᠡᠳᠬᠦᠨ ᠦᠢᠯᠡᠳᠪᠦᠷᠢᠯᠡᠵᠦ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ ᠪᠦᠲᠦᠮᠵᠢᠲᠡᠶ ᠪᠠᠷ ᠥᠷᠭᠡᠳᠬᠡᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠡᠯᠧᠺᠲᠷᠣᠨ ᠬᠤᠳᠠᠯᠳᠤᠭᠠᠨ ᠤ ᠠᠵᠤ ᠠᠬᠤᠢ ᠶᠢ ᠬᠥᠭᠵᠢᠭᠦᠯᠬᠦ ᠶᠢ ᠶᠡᠬᠡᠪᠡᠷ ᠳᠡᠮᠵᠢᠵᠦ᠂ ᠦᠢᠯᠡᠳᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ ᠨᠠᠩ ᠣᠯᠠᠨ ᠶᠤᠸᠠᠨ ᠪᠣᠥ ᠱᠠᠨ ᠤ ︽ᠰᠢᠯᠢᠳᠡᠭ ᠪᠦᠲᠦᠭᠡᠭᠳᠡᠬᠦᠨ︾᠎ ᠢ ᠪᠥᠬᠦ ᠤᠯᠤᠰ ᠲᠤ ᠳᠡᠯᠭᠡᠷᠡᠭᠦᠯᠵᠦ᠂ ᠮᠠᠨ ᠤ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1