ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠳᠤᠭᠤᠶᠢᠯᠠᠩ ᠬᠤᠪᠢᠶᠠᠨ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2024/2/6
    1 ᠳ᠋ᠦ᠋ᠭᠡᠷ ᠰᠠᠷ᠎ᠠ ᠶᠢᠨ 29᠎ ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠳᠤ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠃    ᠬᠢᠨᠠᠨ ᠵᠥᠪᠯᠡᠬᠦ ᠶᠠᠪᠤᠴᠠ ᠳᠤ᠂ ᠭᠡᠰᠢᠭᠦᠳ ᠪᠤᠳᠤᠭᠰᠠᠨ ᠢᠶᠠᠨ ᠪᠦᠷᠢᠨ ᠶᠠᠷᠢᠨ᠂ ᠥᠪᠡᠷ ᠥᠪᠡᠷ ᠤᠨ ᠰᠠᠨᠠᠯ ᠢᠶᠠᠨ ᠳᠤᠷᠠᠳᠪᠠ᠃ ᠭᠡᠰᠢᠭᠦᠳ᠂ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠵᠣᠭᠰᠣᠴᠠ ᠥᠨᠳᠥᠷ᠂ ᠭᠤᠤᠯ ᠰᠡᠳᠦᠪ ᠢᠯᠡ ᠲᠣᠳᠣ᠂ ᠠᠷᠭ᠎ᠠ ᠬᠡᠮᠵᠢᠶ᠎ᠡ ᠬᠦᠴᠦᠲᠡᠶ ᠪᠥᠭᠡᠳ ᠬᠥᠮᠦᠰ ᠤᠨ ᠰᠡᠳᠬᠢᠯ ᠢ ᠬᠥᠭᠵᠢᠭᠡᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ ᠭᠡᠵᠦ ᠰᠠᠨᠠᠯ ᠨᠢᠭᠡᠲᠡᠶ ᠪᠠᠷ ᠦᠵᠡᠪᠡ᠃    ᠬᠢᠷᠢ ᠪᠦᠲᠦᠮᠵᠢ ᠶᠢ ᠥᠭᠦᠯᠡᠨ ᠬᠦᠮᠦᠰ ᠢ ᠵᠣᠷᠢᠭᠵᠢᠭᠤᠯᠤᠨ᠎ᠠ᠃ ᠯᠢ ᡁᠢ ᠭᠠᠩ ᠭᠡᠰᠢᠭᠦᠨ ᠢᠯᠡᠷᠬᠡᠶᠢᠯᠡᠬᠦ ᠳᠤ ᠪᠠᠨ᠂ ᠬᠤᠷᠢᠶᠠᠨ ᠤ ᠠᠵᠢᠯ ᠤᠨ ᠢᠯᠡᠳᠬᠡᠯ ᠳᠤ 2023 ᠣᠨ ᠤ ᠠᠵᠢᠯ ᠢ ᠡᠷᠬᠢᠴᠡᠭᠦᠯᠦᠭᠰᠡᠨ ᠨᠢ ᠪᠦᠬᠦ ᠲᠠᠯ᠎ᠠ ᠪᠠᠷ ᠪᠤᠰᠤᠳᠴᠢ᠂ ᠭᠢᠯᠠᠰ ᠴᠡᠭ ᠣᠯᠠᠨ᠂ 2024 ᠣᠨ ᠤ ᠠᠵᠢᠯ ᠢ ᠪᠠᠶᠢᠷᠢᠯᠠᠭᠤᠯᠤᠭᠰᠠᠨ ᠨᠢ ᠬᠠᠷᠠᠯᠲᠠ ᠲᠣᠳᠣᠷᠬᠠᠢ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠤᠨ᠎ᠠ᠂ ᠤᠯᠤᠰ ᠲᠦᠷᠦ ᠶᠢᠨ ᠦᠨᠳᠦᠷᠴᠡ ᠲᠠᠢ ᠪᠥᠭᠡᠳ ᠤᠨᠤᠯ ᠤᠨ ᠭᠦᠨᠴᠡ ᠲᠠᠢ᠂ ᠪᠣᠳᠠᠲᠠᠢ ᠲᠠᠢ ᠨᠢᠭᠲᠠ ᠤᠶᠠᠯᠳᠤᠭᠤᠯᠤᠭᠰᠠᠨ ᠮᠥᠷᠲᠡᠭᠡᠨ ᠬᠥᠮᠦᠰ ᠢ ᠵᠣᠷᠢᠭᠵᠢᠭᠤᠯᠤᠨ᠎ᠠ᠂ ᠤᠯᠤᠰ ᠲᠦᠷᠦᠴᠢ ᠴᠢᠨᠠᠷ᠂ ᠨᠡᠭᠡᠭᠡᠯᠲᠡᠲᠦ ᠴᠢᠨᠠᠷ᠂ ᠵᠢᠯᠤᠭᠤᠳᠬᠤ ᠴᠢᠨᠠᠷ᠂ ᠤᠳᠤᠷᠢᠳᠤᠨ ᠳᠠᠭᠠᠭᠤᠯᠬᠤ ᠴᠢᠨᠠᠷ ᠢᠶᠠᠷ ᠴᠢᠩᠭ᠎ᠠ ᠰᠠᠶᠢᠨ ᠮᠡᠳᠡᠭᠦᠯᠦᠯᠲᠡ ᠪᠣᠯᠤᠨ᠎ᠠ ᠭᠡᠵᠡᠢ᠃ ᠸᠠᠩ ᠰᠢ ᠶᠦᠩ ᠭᠡᠰᠢᠭᠦᠨ᠄ ︽ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠨᠢ ᠦᠨᠡᠨ ᠠᠴᠠ ᠵᠥᠪ ᠢ ᠡᠷᠢᠨ᠂ ᠭᠢᠯᠠᠰ ᠴᠡᠭ ᠲᠣᠪᠤᠶᠢᠮ᠎ᠠ ᠪᠠᠶᠢᠵᠤ᠂ ᠥᠩᠭᠡᠷᠡᠭᠰᠡᠨ ᠨᠢᠭᠡ ᠵᠢᠯ ᠳᠤ ᠤᠯᠤᠰ ᠲᠥᠷᠥ ᠶᠢᠨ ᠵᠥᠪᠯᠡᠯᠭᠡᠨ ᠤ ᠪᠥᠬᠦ ᠭᠡᠰᠢᠭᠦᠳ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠭᠡᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠠᠨᠠᠯ ᠳᠤᠷᠠᠳᠤᠯᠭ᠎ᠠ ᠶᠢᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠵᠤ᠂ ᠰᠠᠨᠠᠯ ᠳᠤᠷᠠᠳᠤᠯᠭ᠎ᠠ ᠶᠢᠨ ᠴᠢᠨᠠᠷ ᠪᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃ ᠰᠢᠨ᠎ᠡ ᠨᠢᠭᠡᠨ ᠵᠢᠯ ᠳᠤ᠂ ᠪᠢ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠰᠠᠨᠠᠯ ᠳᠤᠷᠠᠳᠤᠯᠭ᠎ᠠ ᠭᠦᠨᠴᠡ ᠲᠠᠢ᠂ ᠠᠷᠭᠠᠴᠠᠭᠠᠬᠤ ᠪᠤᠳᠤᠯᠭ᠎ᠠ ᠰᠠᠨᠠᠭᠤᠯᠭ᠎ᠠ ᠪᠠ ᠰᠢᠢᠳᠪᠦᠷᠢᠯᠡᠬᠦ ᠲᠥᠰᠦᠯ ᠦᠨᠡᠨ ᠬᠦ ᠶᠠᠪᠤᠭᠳᠠᠭᠤᠰᠢᠲᠠᠶ ᠪᠠᠶᠢᠬᠤ ᠶᠢ ᠴᠢᠩᠭ᠎ᠠ ᠪᠠᠲᠤᠯᠠᠨ᠎ᠠ︾ ᠭᠡᠵᠦ ᠬᠡᠯᠡᠪᠡ᠃    ᠢᠷᠡᠭᠡᠳᠦᠢ ᠶᠢ ᠮᠥᠷᠥᠭᠡᠳᠦᠨ ᠬᠥᠮᠦᠰ ᠢ ᠤᠷᠮᠠᠰᠢᠭᠤᠯᠤᠨ ᠤᠷᠤᠭᠰᠢᠯᠠᠭᠤᠯᠤᠨ᠎ᠠ᠃ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠭᠦᠨᠵᠡᠭᠡᠶ ᠥᠷᠨᠢᠬᠦ ᠶᠢ ᠳᠠᠭᠠᠯᠳᠤᠨ᠂ ᠮᠠᠨ ᠤ ᠣᠷᠣᠨ ᠤ ᠡᠪᠡᠳᠴᠢᠲᠡᠳ ︿ᠬᠡᠷ ᠤᠨ ᠬᠠᠶᠠᠭᠠᠨ﹀᠎ ᠳᠤ ᠪᠠᠨ ᠪᠥᠬᠦ ᠤᠯᠤᠰ ᠤᠨ ᠳᠡᠭᠡᠳᠦ ᠲᠠᠰ ᠤᠨ ᠮᠡᠷᠭᠡᠵᠢᠯᠲᠡᠳ ᠢᠶᠠᠷ ᠡᠪᠡᠳᠴᠢᠨ ᠢᠶᠠᠨ ᠦᠵᠡᠭᠦᠯᠬᠦ ᠦᠢᠯᠡᠴᠢᠯᠡᠭᠡ ᠶᠢ ᠭᠥᠷᠳᠡᠵᠦ᠂ ᠴᠠᠭ ᠪᠠ ᠵᠣᠭᠤᠰ ᠮᠥᠩᠭᠦ ᠪᠠᠨ ᠶᠡᠭᠡ ᠪᠠᠷ ᠠᠷᠪᠢᠯᠠᠵᠠᠢ᠂ ᠮᠠᠨ ᠤ ᠣᠷᠣᠨ ᠤ ᠡᠮᠴᠢ ᠨᠠᠷ ᠲᠤ ᠠᠪᠴᠤ ᠬᠡᠯᠡᠪᠡᠯ ᠪᠠᠰᠠ ᠨᠢᠭᠡᠨ ᠣᠯᠳᠠᠬᠤᠶ᠎ᠠ ᠪᠡᠷᠬᠡ ᠰᠤᠷᠤᠯᠴᠠᠯᠭ᠎ᠠ ᠰᠣᠯᠢᠯᠴᠠᠬᠤ᠂ ᠮᠡᠷᠭᠡᠵᠢᠯ ᠢᠶᠠᠨ ᠳᠡᠭᠡᠭᠰᠢᠯᠡᠭᠦᠯᠬᠦ ᠲᠠᠪᠴᠠᠩ ᠪᠣᠯᠤᠨ᠎ᠠ᠃︾ ᠶᠠᠩ ᠭᠤᠸᠠᠩ ᠶᠤᠸᠠᠨ ᠭᠡᠰᠢᠭᠦᠨ ᠤ ᠦᠵᠡᠬᠦ ᠪᠠᠷ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠡᠮᠴᠢᠯᠡᠭᠡᠨ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾᠎ ᠨᠢ ᠮᠤᠷᠤᠢ ᠵᠠᠮ ᠠᠴᠠ ᠭᠠᠷᠴᠤ ᠬᠥᠭᠡᠭᠡᠵᠦ ᠭᠦᠢᠴᠡᠬᠦ ᠰᠠᠶᠢᠨ ᠠᠵᠠ ᠲᠣᠬᠢᠶᠠᠯ ᠢ ᠠᠪᠴᠢᠷᠠᠵᠠᠢ᠃ ᠸᠠᠩ ᠹᠧᠩ ᠭᠡᠰᠢᠭᠦᠨ᠄ ︽ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠨᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠲᠠᠯ᠎ᠠ ᠪᠠᠷ ᠤᠯᠤᠰ ᠲᠥᠷᠥ ᠶᠢᠨ ᠵᠥᠪᠯᠡᠯᠭᠡᠨ ᠤ ᠡᠭᠦᠷᠭᠡᠯᠡᠯ ᠢᠶᠠᠨ ᠢᠯᠡᠷᠡᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠠᠵᠢᠯ ᠳᠤ ᠲᠣᠪᠤᠶᠢᠮ᠎ᠠ ᠬᠢᠯᠠᠰ ᠴᠡᠭ᠂ ᠡᠯᠪᠡᠭ ᠦᠷ᠎ᠡ ᠪᠦᠲᠦᠭᠡᠯ ᠣᠯᠪᠠ᠂ ᠡᠨᠡ ᠨᠢ ᠨᠠᠳᠠ ᠢ ᠶᠡᠬᠡᠳᠡ ᠵᠣᠷᠢᠭᠵᠢᠭᠤᠯᠵᠠᠶ᠃ ᠰᠢᠨ᠎ᠡ ᠨᠢᠭᠡᠨ ᠵᠢᠯ ᠳᠤ᠂ ᠪᠢ ᠠᠵᠢᠯ ᠤᠨ ᠰᠠᠨᠠᠭᠠᠴᠢᠯᠠᠭᠠᠲᠤ ᠴᠢᠨᠠᠷ ᠢᠶᠠᠨ ᠤᠯᠠᠮ ᠴᠢᠩᠭᠠᠳᠬᠠᠵᠤ᠂ ᠠᠷᠠᠳ ᠤᠨ ᠠᠮᠢᠳᠤᠷᠠᠯ ᠠᠷᠠᠳ ᠤᠨ ᠰᠠᠨᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠪᠠᠨ ᠴᠡᠭᠡᠵᠢᠯᠡᠵᠦ᠂ ᠡᠭᠦᠷᠭᠡᠯᠡᠵᠦ ᠭᠦᠢᠴᠡᠳᠬᠡᠵᠦ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠰᠠᠨᠠᠯ ᠰᠠᠨᠠᠭᠤᠯᠭ᠎ᠠ ᠳᠤᠷᠠᠳᠤᠨ᠎ᠠ︾ ᠭᠡᠵᠡᠢ᠃    ᠥᠨᠥ ᠵᠢᠯ ᠪᠣᠯ ᠰᠢᠨ᠎ᠡ ᠳᠤᠮᠳᠠᠳᠤ ᠤᠯᠤᠰ ᠪᠠ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠨᠢᠭᠡ ᠵᠢᠯ ᠮᠥᠨ᠂ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠭᠡᠰᠢᠭᠦᠳ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠳᠡᠭᠡᠭᠰᠢᠯᠡᠭᠦᠯᠵᠦ᠂ ᠳᠡᠭᠡᠭᠰᠢᠯᠡᠭᠦᠯᠬᠦ ᠳᠤᠮᠳᠠ ᠡᠭᠦᠷᠭᠡᠯᠡᠵᠦ᠂ ᠰᠣᠳᠣ ᠮᠡᠷᠭᠡᠨ ᠰᠠᠨᠠᠭᠤᠯᠭ᠎ᠠ ᠳᠤᠷᠠᠳᠴᠤ᠂ ᠪᠣᠳᠠᠲᠠᠢ ᠶᠢ ᠡᠷᠬᠢᠮᠯᠡᠬᠦ ᠪᠤᠳᠤᠯᠭ᠎ᠠ ᠶᠢ ᠢᠯᠡᠭᠦᠬᠡᠨ ᠳᠡᠪᠰᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1