ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠳᠤᠭᠤᠶᠢᠯᠠᠩ ᠬᠤᠪᠢᠶᠠᠵᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2024/2/6
    1 ᠰᠠᠷ᠎ᠠ ᠶᠢᠨ 30᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠳᠤᠭᠤᠶᠢᠯᠠᠩ ᠬᠤᠪᠢᠶᠠᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃    ᠡᠯ᠎ᠡ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠬᠤᠷᠠᠯ ᠤᠨ ᠲᠠᠯᠠᠪᠠᠢ ᠳᠤ᠂ ᠠᠳᠠᠯᠢ ᠪᠤᠰᠤ ᠠᠵᠢᠯ ᠲᠦᠷᠦᠯ᠂ ᠠᠳᠠᠯᠢ ᠪᠤᠰᠤ ᠬᠦᠷᠢᠶ᠎ᠡ ᠴᠠᠷᠠᠭ᠎ᠠ ᠶᠢᠨ ᠲᠥᠯᠥᠭᠡᠯᠡᠭᠴᠢᠳ ᠢᠯᠡᠳᠬᠡᠯ ᠢ ᠬᠢᠨᠠᠨ ᠵᠥᠪᠯᠡᠪᠡ᠃ ᠲᠥᠯᠥᠭᠡᠯᠡᠭᠴᠢᠳ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠥᠩᠭᠡᠷᠡᠭᠰᠡᠨ ᠨᠢᠭᠡ ᠵᠢᠯ ᠤᠨ ᠡᠯ᠎ᠡ ᠵᠦᠢᠯ ᠤᠨ ᠠᠵᠢᠯ ᠤᠨ ᠣᠯᠣᠭᠰᠠᠨ ᠠᠮᠵᠢᠯᠲᠠ ᠪᠦᠲᠦᠮᠵᠢ ᠶᠢ ᠪᠤᠰᠤᠳᠴᠢ ᠪᠠᠷ ᠳ᠋ᠦᠩᠨᠡᠭᠰᠡᠨ ᠮᠥᠷᠲᠡᠭᠡᠨ ᠪᠠᠰᠠ ᠡᠨᠡ ᠵᠢᠯ ᠤᠨ 10 ᠲᠠᠯ᠎ᠠ ᠶᠢᠨ ᠪᠣᠳᠠᠲᠠᠢ ᠠᠵᠢᠯ ᠢ ᠪᠠᠶᠢᠷᠢᠯᠠᠭᠤᠯᠵᠠᠢ᠂ ᠡᠨᠡ ᠪᠣᠯ ᠲᠤᠭ ᠢ ᠥᠨᠳᠥᠷ ᠮᠠᠨᠳᠤᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠬᠥᠮᠥᠰ ᠢ ᠤᠷᠮᠠᠰᠢᠭᠤᠯᠤᠨ ᠤᠷᠤᠭᠰᠢᠯᠠᠭᠤᠯᠵᠤ᠂ ᠢᠲᠡᠭᠡᠯ ᠵᠣᠷᠢᠭ ᠢ ᠬᠥᠪᠴᠢᠯᠡᠭᠰᠡᠨ ᠰᠠᠶᠢᠨ ᠢᠯᠡᠳᠬᠡᠯ ᠮᠥᠨ ᠭᠡᠵᠦ ᠰᠠᠨᠠᠯ ᠨᠢᠭᠡᠲᠡᠢ ᠦᠵᠡᠵᠡᠭᠡᠪᠡ᠃    2023 ᠣᠨ ᠪᠣᠯ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠠᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠳᠠᠬᠢᠨᠲᠠ ᠮᠠᠨ ᠤ ᠣᠷᠣᠨ ᠳᠤ ᠰᠢᠨᠵᠢᠯᠡᠨ ᠪᠠᠶᠢᠴᠠᠭᠠᠵᠤ᠂ ᠥᠪᠥᠷ ᠮᠣᠩᠭᠤᠯ ᠳᠤ ᠯᠤᠲᠤ ᠶᠡᠭᠡ ᠤᠯᠤᠰ ᠲᠦᠷᠦ ᠶᠢᠨ ᠬᠠᠯᠠᠮᠵᠢᠯᠠᠯ ᠪᠠ ᠡᠷᠬᠢᠮ ᠨᠠᠨᠳᠢᠨ ᠬᠥᠭᠵᠢᠯᠲᠡ ᠶᠢᠨ ᠠᠵᠠ ᠲᠣᠬᠢᠶᠠᠯ ᠣᠯᠭᠤᠵᠠᠢ᠃ ᠲᠥᠯᠥᠭᠡᠯᠡᠭᠴᠢᠳ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠨᠡᠶᠢᠲᠡᠯᠡᠵᠦ᠂ ᠮᠠᠨ ᠤ ᠣᠷᠣᠨ ᠤ ᠲᠠᠪᠤᠨ ᠶᠡᠭᠡ ᠡᠭᠦᠷᠭᠡ ᠶᠢ ᠨᠠᠩ ᠰᠠᠶᠢᠲᠤᠷ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠶᠡᠷᠦᠩᠬᠡᠶᠢᠯᠡᠨ ᠵᠢᠯᠤᠭᠤᠳᠬᠤ ᠴᠢᠨᠠᠷᠲᠠᠢ ᠱᠠᠭᠠᠷᠳᠠᠯᠭ᠎ᠠ ᠪᠣᠯᠣᠨ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠲᠡᠮᠡᠴᠡᠯ ᠤᠨ ᠬᠠᠷᠠᠯᠲᠠ ᠶᠢ ᠳᠤᠷᠠᠳᠴᠤ᠂ ᠪᠦᠬᠦ ᠣᠷᠣᠨ ᠳᠠᠶᠠᠭᠠᠷ ᠢ ᠶᠡᠷᠦᠩᠬᠡᠢ ᠬᠡᠮᠵᠢᠶ᠎ᠡ ᠶᠢ ᠶᠡᠬᠡᠰᠬᠡᠬᠦ᠂ ᠲᠡᠰ ᠳᠡᠪᠰᠢᠭᠦᠯᠬᠦ ᠠᠤᠭ᠎ᠠ ᠰᠠᠨᠠᠭ᠎ᠠ ᠡᠷᠡᠯᠬᠡᠭ ᠵᠣᠷᠢᠭ ᠲᠠᠢ ᠪᠣᠯᠭᠠᠵᠤ᠂ ᠬᠥᠭᠵᠢᠯᠲᠡ ᠶᠢ ᠲᠦᠷᠭᠡᠳᠬᠡᠬᠦ᠂ ᠬᠥᠭᠵᠢᠯᠲᠡ ᠶᠢ ᠶᠡᠭᠡ ᠪᠠᠷ ᠠᠳᠬᠤᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠠᠢ ᠭᠡᠵᠦ ᠦᠵᠡᠵᠡᠭᠡᠪᠡ᠃    ᠲᠥᠯᠥᠭᠡᠯᠡᠭᠴᠢᠳ᠂ ᠰᠢᠨ᠎ᠡ ᠨᠢᠭᠡᠨ ᠵᠢᠯ ᠳᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ ︽ᠵᠢᠷᠭᠤᠭᠠᠨ ᠢᠨᠵᠧᠨᠧᠷᠢᠩ︾᠎ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠳᠠᠭᠠᠵᠤ ᠨᠠᠶᠢᠳᠠᠪᠤᠷᠢᠵᠢᠭᠤᠯᠤᠨ᠂ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠨ᠎ᠠ ᠭᠡᠵᠦ ᠢᠯᠡᠷᠬᠡᠶᠢᠯᠡᠵᠡᠭᠡᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠠᠷᠤᠭ᠎ᠠ ᠱᠢ ᠵᠥᠩ ᠴᠢᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠤᠭᠠᠳ ᠶᠡᠬᠡᠳᠡ ᠤᠷᠮᠠᠰᠢᠨ ᠵᠣᠷᠢᠭᠵᠢᠯ᠎ᠠ᠃ ᠪᠦᠬᠦ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠣᠯᠣᠭᠰᠠᠨ ᠠᠮᠵᠢᠯᠲᠠ ᠪᠦᠲᠦᠮᠵᠢ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠦᠵᠡᠮᠵᠢ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠪᠤᠭᠤᠲᠤ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢᠨ ᠢ ᠴᠣᠭᠴᠠᠯᠠᠨ᠎ᠠ ᠭᠡᠵᠦ ᠬᠡᠯᠡᠨ᠎ᠡ᠃    ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠤᠯᠤᠰ ᠲᠥᠷᠥ ᠶᠢᠨ ᠵᠣᠭᠰᠣᠴᠠ ᠥᠨᠳᠥᠷ᠂ ᠠᠮᠵᠢᠯᠲᠠ ᠪᠦᠲᠦᠮᠵᠢ ᠪᠠᠨ ᠳ᠋ᠦᠩᠨᠡᠭᠰᠡᠨ ᠨᠢ ᠪᠣᠳᠠᠲᠠᠢ᠂ ᠬᠠᠷᠠᠯᠲᠠ ᠪᠠᠨ ᠲᠥᠯᠥᠪᠯᠡᠭᠰᠡᠨ ᠨᠢ ᠣᠨᠣᠪᠴᠢᠲᠠᠶ᠂ ᠠᠵᠢᠯ ᠤᠨ ᠰᠡᠳᠬᠢᠴᠡ ᠨᠢ ᠲᠣᠳᠣᠷᠬᠠᠢ ᠪᠠᠶᠢᠵᠤ᠂ ᠬᠥᠮᠥᠰ ᠢ ᠵᠣᠷᠢᠭᠵᠢᠭᠤᠯᠤᠨ ᠤᠷᠤᠭᠰᠢᠯᠠᠭᠤᠯᠬᠤ ᠰᠠᠶᠢᠨ ᠢᠯᠡᠳᠬᠡᠯ ᠪᠣᠯᠣᠨ᠎ᠠ ︾᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠦᠩᠯᠢᠶᠣᠣ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢᠨ ᠡᠮ ᠡᠮᠨᠡᠯᠭᠡ ᠶᠢᠨ ᠳᠠᠭᠠᠳᠬᠠᠯ ᠤᠨ ᠬᠡᠯᠲᠡᠰ ᠤᠨ ᠳᠠᠷᠤᠭ᠎ᠠ ᠯᠢᠦ ᠶᠠᠩ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠤ ᠠᠵᠢᠯᠲᠠᠨ ᠪᠣᠯᠤᠭᠰᠠᠨ ᠤ ᠬᠤᠪᠢ ᠳᠤ᠂ ᠪᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠡᠪᠡᠳᠴᠢᠲᠡᠨ ᠤ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠰᠠᠶᠢᠵᠢᠷᠠᠭᠤᠯᠬᠤ ᠪᠠ ᠣᠯᠠᠨ ᠲᠦᠮᠡᠨ ᠳᠤ ᠦᠢᠯᠡᠴᠢᠯᠡᠬᠦ ᠡᠮ ᠡᠮᠨᠡᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠠᠷᠠᠳ ᠲᠤ ᠠᠰᠢᠭ ᠬᠦᠷᠲᠡᠭᠡᠬᠦ ᠠᠯᠪᠠᠨ ᠵᠢᠷᠤᠮ ᠤᠨ ᠡᠮᠴᠢᠯᠡᠭᠡ ᠵᠡᠷᠭᠡ ᠠᠵᠢᠯ ᠢ ᠦᠨᠡᠨ ᠬᠦ ᠰᠠᠶᠢᠲᠤᠷ ᠬᠢᠵᠦ᠂ ᠦᠨᠳᠦᠰᠦᠲᠡᠨ ᠤ ᠭᠠᠵᠠᠷ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠦᠨ᠎ᠡ ᠭᠡᠪᠡ᠃    ᠲᠥᠯᠥᠭᠡᠯᠡᠭᠴᠢᠳ ᠨᠠᠷᠢᠨ ᠬᠢᠨᠠᠮᠠᠭᠠᠢ ᠬᠢᠨᠠᠨ ᠵᠥᠪᠯᠡᠵᠦ᠂ ᠢᠳᠡᠪᠬᠢᠲᠡᠢ ᠪᠠᠷ ᠦᠭᠡ ᠬᠡᠯᠡᠵᠦ᠂ ᠡᠨᠡ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠠᠮᠲᠤ ᠶᠢᠨ ᠲᠠᠨᠢᠯᠲᠠ ᠪᠣᠯᠣᠨ ᠬᠠᠮᠲᠤᠷᠠᠯ ᠬᠦᠴᠦᠨ ᠢ ᠴᠢᠨᠠᠭᠰᠢᠳᠠ ᠨᠢᠭᠲᠠᠷᠠᠭᠤᠯᠪᠠ᠃ ᠣᠯᠠᠨ ᠢᠶᠠᠷ ᠢᠶᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠳᠠᠪᠰᠢᠨ ᠣᠷᠣᠵᠤ᠂ ᠡᠷᠴᠢ ᠵᠣᠷᠢᠭ ᠢᠶᠠᠨ ᠬᠥᠪᠴᠢᠯᠡᠵᠦ᠂ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠢᠯᠡᠳᠬᠡᠵᠡᠭᠡᠪᠡ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1