ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ ᠯᠢᠦ ᠱᠤᠸᠠᠩ ᠪᠦᠦ ᠭᠠᠩ ᠵᠧᠩ ᠬᠤᠩ ᠹᠠᠨ ᠳ᠋ᠢᠩ ᠰᠢᠤ ᠹᠧᠩ ᠮᠧᠩ ᠰᠢᠶᠠᠨ ᠳ᠋ᠦᠩ ᠶᠠᠩ ᠰᠢᠶᠣᠣ ᠺᠠᠩ ᠬᠤᠸᠠᠩ ᡁᠢ ᠴᠢᠶᠠᠩ ᠯᠢ ᠢᠦᠢ ᠭᠠᠩ ᠬᠦᠦᠳᠠᠭᠤᠯᠠ ᠢᠦᠢ ᠯᠢ ᠰᠢᠨ ᠣᠷᠣᠯᠴᠠᠵᠠᠢ
ᠨᠡᠶᠢᠲᠡᠯᠡᠭᠰᠡᠨ ᠴᠠᠭ᠄
2024/2/6
    1 ᠰᠠᠷ᠎ᠠ ᠶᠢᠨ 30᠎ ᠠᠴᠠ 31᠎ ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠯᠢᠦ ᠱᠤᠸᠠᠩ᠂ ᠪᠦᠦ ᠭᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠶᠠᠩ ᠰᠢᠶᠣᠣ ᠺᠠᠩ᠂ ᠬᠤᠸᠠᠩ ᡁᠢ ᠴᠢᠶᠠᠩ᠂ ᠯᠢ ᠢᠦᠢ ᠭᠠᠩ᠂ ᠬᠦᠦᠳᠠᠭᠤᠯᠠ᠂ ᠢᠦᠢ ᠯᠢ ᠰᠢᠨ ᠲᠤᠰ ᠲᠤᠰ ᠥᠪᠡᠷ ᠥᠪᠡᠷ ᠤᠨ ᠪᠠᠶᠢᠭ᠎ᠠ ᠲᠥᠯᠥᠭᠡᠯᠡᠭᠴᠢᠳ ᠤᠨ ᠪᠦᠯᠭᠦᠮ ᠳᠤ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃    ᠯᠢᠦ ᠱᠤᠸᠠᠩ ᠪᠠᠶᠠᠨᠨᠠᠭᠤᠷ ᠬᠤᠲᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠪᠡ᠂ ᠪᠢ ᠡᠨᠡ ᠬᠦ ᠢᠯᠡᠳᠬᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠡᠷᠦ ᠪᠤᠰᠤ ᠶᠢᠨ ᠬᠢᠷᠢ ᠪᠦᠲᠦᠮᠵᠢ ᠣᠯᠵᠤ᠂ ᠬᠥᠮᠥᠰ ᠤᠨ ᠰᠡᠳᠬᠢᠯ ᠢ ᠳᠣᠭᠳᠣᠯᠤᠭᠤᠯᠵᠤ᠂ ᠢᠲᠡᠭᠡᠯ ᠵᠣᠷᠢᠭ ᠢ ᠬᠥᠪᠴᠢᠯᠡᠭᠰᠡᠨ ᠪᠠᠶᠢᠨ᠎ᠠ᠃ ᠢᠯᠡᠳᠬᠡᠯ ᠳᠤ ᠠᠰᠠᠭᠤᠳᠠᠯ ᠢ ᠵᠠᠳᠠᠯᠤᠭᠰᠠᠨ ᠨᠢ ᠪᠤᠰᠤᠳᠴᠢ᠂ ᠪᠣᠳᠠᠲᠠᠢ ᠪᠠᠶᠢᠵᠤ᠂ ᠨᠠᠷᠢᠨ ᠬᠢᠨᠠᠮᠠᠭᠠᠢ ᠪᠠᠷ ᠥᠭᠡᠷᠡᠴᠢᠯᠡᠬᠦ ᠳᠤ ᠭᠦᠷᠪᠡᠯ ᠠᠵᠠ ᠲᠣᠭᠢᠶᠠᠯ ᠪᠣᠯᠣᠨ᠎ᠠ᠃ ᠢᠯᠡᠳᠬᠡᠯ ᠳᠤ 10 ᠲᠠᠯ᠎ᠠ ᠪᠠᠷ 2024 ᠣᠨ ᠤ ᠠᠵᠢᠯ ᠢ ᠪᠠᠶᠢᠷᠢᠯᠠᠭᠤᠯᠵᠤ᠂ ᠪᠣᠳᠠᠲᠠᠢ ᠲᠠᠢ ᠨᠡᠶᠢᠴᠡᠵᠦ᠂ ᠬᠠᠷᠠᠯᠲᠠ ᠲᠣᠳᠣᠷᠬᠠᠢ᠂ ᠠᠷᠭ᠎ᠠ ᠬᠡᠮᠵᠢᠶ᠎ᠡ ᠪᠣᠳᠠᠲᠠᠢ ᠶᠢ ᠡᠷᠬᠢᠮᠯᠡᠭᠰᠡᠨ ᠪᠠᠶᠢᠨ᠎ᠠ᠃ ᠴᠢᠨᠠᠷ ᠰᠠᠶᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ᠂ ᠪᠢᠳᠡ ᠡᠷᠴᠢ ᠵᠣᠷᠢᠭ ᠪᠠᠳᠠᠷᠠᠩᠭᠤᠢ ᠳᠦᠷᠰᠦ ᠪᠠᠶᠢᠳᠠᠯ ᠪᠣᠯᠣᠨ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠭᠦᠢᠴᠡᠳᠭᠡᠭᠴᠢ᠂ ᠠᠵᠢᠯᠯᠠᠭᠴᠢ ᠪᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ᠃    ᠪᠦᠦ ᠭᠠᠩ ᠭᠦᠭᠡᠬᠤᠲᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠦᠨᠡᠨ ᠪᠣᠳᠠᠲᠠᠢ ᠶᠢ ᠡᠷᠬᠢᠮᠯᠡᠭᠰᠡᠨ᠂ ᠬᠥᠮᠥᠰ ᠤᠨ ᠰᠡᠳᠬᠢᠯ ᠢ ᠵᠣᠷᠢᠭᠵᠢᠭᠤᠯᠤᠭᠰᠠᠨ ᠰᠠᠶᠢᠨ ᠢᠯᠡᠳᠬᠡᠯ ᠪᠣᠯᠵᠠᠢ᠃ ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠣᠭᠤᠷᠢᠨ ᠳᠤ ᠬᠦᠴᠢᠷ ᠪᠡᠷᠬᠡ ᠶᠢ ᠢᠯᠠᠨ ᠳᠠᠪᠠᠵᠤ᠂ ᠰᠢᠷᠭᠠᠭᠤ ᠲᠡᠮᠡᠴᠡᠨ ᠪᠣᠳᠠᠲᠠᠢ ᠠᠵᠢᠯᠯᠠᠵᠤ᠂ ᠬᠥᠭᠵᠢᠭᠦᠯᠬᠦ ᠬᠠᠷᠠᠯᠲᠠ ᠨᠡᠩ ᠲᠣᠳᠣᠷᠬᠠᠢ ᠪᠣᠯᠵᠤ᠂ ᠠᠵᠢᠯ ᠤᠨ ᠭᠤᠣᠯ ᠰᠢᠵᠢᠮ ᠨᠡᠩ ᠲᠥᠪᠯᠡᠷᠡᠩᠭᠦᠢ ᠪᠣᠯᠵᠤ᠂ ᠤᠮᠠᠷᠠᠲᠤ ᠬᠢᠯᠢ ᠶᠢᠨ ᠪᠠᠶᠢᠷᠢ ᠲᠣᠭᠲᠠᠭᠠᠯᠲᠠ ᠨᠡᠩ ᠣᠨᠣᠪᠴᠢᠲᠠᠢ ᠪᠣᠯᠵᠤ᠂ ᠬᠠᠶᠢᠷ᠎ᠠ ᠰᠡᠳᠬᠢᠯᠭᠡ ᠡᠭᠦᠷᠭᠡᠯᠡᠯ ᠨᠡᠩ ᠲᠣᠪᠤᠶᠢᠮ᠎ᠠ ᠪᠣᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠬᠥᠮᠥᠰ ᠤᠨ ᠰᠡᠳᠬᠢᠯ ᠢ ᠨᠡᠩ ᠳᠤᠯᠠᠭᠠᠴᠠᠭᠤᠯᠵᠤ᠂ ᠥᠪᠥᠷ ᠮᠣᠩᠭᠤᠯ ᠤᠨ ᠳᠦᠷᠢ ᠲᠥᠷᠬᠦ ᠨᠡᠩ ᠵᠥᠪ ᠲᠠᠯ᠎ᠠ ᠶᠢᠨ ᠪᠣᠯᠪᠠ᠃ ᠲᠠᠷᠠᠭᠠᠴᠢ ᠶᠢᠨ ᠠᠯᠬᠤᠮ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠣᠨ ᠰᠦᠨ ᠱᠤᠤ ᠴᠧᠩ ᠱᠦᠵᠢ ᠶᠢᠨ ᠭᠦᠭᠡᠬᠤᠲᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠶᠠᠷᠢᠶᠠᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠵᠤ ᠰᠦᠭ ᠰᠦᠨᠡᠰᠦ ᠶᠢ ᠱᠤᠭᠤᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ᠂ ᠣᠷᠣᠨ ᠤ ᠲᠥᠪ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠲᠥᠯᠥᠪᠵᠢᠭᠦᠯᠦᠨ ᠪᠠᠶᠢᠷᠢᠰᠢᠭᠤᠯᠬᠤ᠂ ︽ᠵᠢᠷᠭᠤᠭᠠᠨ ᠢᠨᠵᠧᠨᠧᠷᠢᠩ︾᠎ ᠢ ᠰᠠᠶᠢᠲᠤᠷ ᠬᠡᠷᠡᠭᠵᠢᠭᠦᠯᠬᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠪᠠ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠰᠠᠶᠢᠨ ᠰᠠᠶᠢᠬᠠᠨ ᠣᠷᠴᠢᠨ ᠢ ᠪᠤᠢ ᠪᠤᠯᠭᠠᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠦᠴᠦᠯᠡᠵᠦ᠂ ᠥᠪᠡᠷᠲᠡᠭᠡᠨ ᠵᠠᠰᠠᠬᠤ ᠣᠷᠣᠨ ᠤ ᠡᠮᠦᠨ᠎ᠡ ᠨᠢ ᠬᠤᠰᠢᠭᠤᠷᠠᠵᠤ᠂ ᠦᠯᠢᠭᠡᠷ ᠳᠠᠭᠤᠷᠢᠶᠠᠯ ᠪᠤᠯᠬᠤ ᠪᠠᠷ ᠴᠢᠷᠮᠠᠶᠢᠨ᠎ᠠ ᠭᠡᠵᠦ ᠬᠡᠯᠡᠪᠡ᠃    ᠵᠧᠩ ᠬᠤᠩ ᠹᠠᠨ ᠦᠬᠠᠢ ᠬᠤᠳᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠢᠯᠡᠳᠬᠡᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠨᠣᠪᠴᠢᠲᠠᠢ ᠢᠯᠡᠷᠡᠭᠦᠯᠵᠦ᠂ ᠨᠡᠶᠢᠭᠡᠮ ᠤᠨ ᠠᠩᠬᠠᠷᠤᠯ ᠪᠣᠯᠣᠨ ᠠᠷᠠᠳ ᠲᠦᠮᠡᠨ ᠤ ᠬᠦᠰᠡᠯ ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠴᠦ᠂ ᠬᠥᠮᠥᠰ ᠢ ᠤᠷᠮᠠᠰᠢᠭᠤᠯᠤᠨ ᠵᠣᠷᠢᠭᠵᠢᠭᠤᠯᠤᠨ᠎ᠠ᠃ ᠰᠢᠨ᠎ᠡ ᠨᠢᠭᠡ ᠵᠢᠯ ᠳᠤ᠂ ᠦᠬᠠᠢ ᠬᠤᠲᠠ ᠬᠥᠭᠵᠢᠯᠲᠡ ᠶᠢᠨ ᠠᠵᠠ ᠲᠣᠭᠢᠶᠠᠯ ᠢ ᠪᠠᠲᠤ ᠡᠵᠡᠮᠳᠡᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠡᠨᠡ ᠬᠦ ᠭᠤᠣᠯ ᠠᠵᠢᠯ ᠪᠠ ᠴᠢᠨᠠᠷ ᠰᠠᠶᠢᠲᠠᠢ ᠬᠥᠭᠵᠢᠯᠲᠡ᠂ ᠡᠨᠡ ᠬᠦ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠵᠦ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠪᠦᠭᠦ ᠬᠦᠴᠦᠨ ᠢᠶᠠᠷ ᠢᠶᠠᠨ ᠴᠣᠭᠴᠠᠯᠠᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ ᠪᠤᠶᠠᠨ ᠵᠢᠷᠭᠠᠯ ᠢ ᠨᠢ ᠨᠡᠮᠡᠭᠳᠡᠭᠦᠯᠬᠦ ᠬᠡᠷᠡᠭᠲᠡᠢ᠃ ᠴᠠᠭ ᠢᠮᠠᠭᠲᠠ ᠰᠠᠨᠠᠭ᠎ᠠ ᠲᠠᠯᠪᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠡᠯ᠎ᠡ ᠵᠦᠢᠯ ᠤᠨ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠬᠡᠯᠡᠪᠡ᠃    ᠳ᠋ᠢᠩ ᠰᠢᠤ ᠹᠧᠩ ᠪᠤᠭᠤᠲᠤ ᠬᠤᠲᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠤᠯᠤᠰ ᠲᠥᠷᠥ ᠶᠢᠨ ᠵᠣᠭᠰᠣᠴᠠ ᠥᠨᠳᠥᠷ᠂ ᠠᠯᠤᠰ ᠢ ᠪᠡᠷᠡᠯᠡᠵᠦ᠂ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠢᠯ ᠤᠨ ᠲᠥᠯᠦᠪᠵᠢᠭᠦᠯᠭᠡ ᠬᠤᠯᠠ ᠶᠢ ᠬᠠᠷᠠᠵᠤ ᠬᠤᠵᠢᠮ ᠢ ᠪᠤᠳᠤᠵᠤ᠂ ᠨᠢᠭᠡ ᠰᠡᠳᠬᠢᠯ ᠢᠶᠠᠷ ᠠᠷᠠᠳ ᠤᠨ ᠲᠥᠯᠥᠭᠡ ᠪᠠᠶᠢᠬᠤ ᠶᠢ ᠢᠯᠡᠷᠡᠭᠦᠯᠪᠡ᠃ ᠡᠨᠡ ᠵᠢᠯ ᠪᠣᠯ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠲᠦᠢᠯ ᠤᠨ ᠴᠢᠬᠤᠯᠠ ᠨᠢᠭᠡ ᠵᠢᠯ ᠮᠥᠨ᠂ ᠮᠥᠨ ᠴᠦ ᠪᠤᠭᠤᠲᠤ ᠶᠢᠨ ᠲᠡᠦᠬᠡ ᠶᠢᠨ ᠬᠠᠮᠤᠭ ᠤᠨ ᠥᠨᠳᠥᠷ ᠲᠦᠪᠰᠢᠨ ᠢ ᠳᠠᠭᠢᠨ ᠡᠭᠦᠳᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠤᠭᠤᠲᠤ ᠬᠤᠲᠠ ᠡᠯ᠎ᠡ ᠵᠦᠢᠯ ᠤᠨ ᠡᠭᠦᠷᠭᠡ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ︽ᠬᠤᠪᠣᠷ ᠰᠢᠷᠣᠢ ᠶᠢᠨ ᠬᠤᠶᠠᠷ ᠰᠠᠭᠤᠷᠢᠨ︾᠎ ᠢ ᠪᠦᠭᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠦᠢᠯᠡᠳᠦᠯ ᠴᠢᠳᠠᠪᠬᠢ ᠶᠢᠨ ᠳᠡᠰ ᠨᠠᠩ ᠥᠨᠳᠥᠷ᠂ ᠨᠥᠯᠥᠭᠡᠯᠡᠨ ᠳᠠᠶᠢᠴᠢᠯᠠᠬᠤ ᠬᠦᠴᠦᠨ ᠢᠶᠠᠷ ᠨᠠᠩ ᠴᠢᠩᠭ᠎ᠠ ︽ᠳᠡᠯᠡᠬᠡᠢ ᠶᠢᠨ ᠪᠣᠬᠢᠷᠳᠤᠯ ᠦᠭᠡᠢ ᠴᠠᠬᠢᠭᠤᠷ ᠤᠨ ᠬᠤᠲᠠ︾᠎ ᠶᠢ ᠴᠣᠭᠴᠠᠯᠠᠵᠤ᠂ ᠠᠷᠠᠯᠵᠢᠶᠠᠴᠢᠨ ᠤᠷᠢᠬᠤ ᠲᠣᠭᠲᠠᠯ ᠬᠦᠴᠦᠨ ᠢᠶᠠᠨ ᠪᠠᠲᠤᠯᠠᠵᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ︽ᠠᠮᠢᠵᠢᠷᠠᠯ ᠤᠨ ᠬᠦᠴᠦᠨ︾ ᠨᠡᠮᠡᠷᠢᠯᠡᠬᠦ ᠬᠡᠷᠡᠭᠲᠡᠢ᠃ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠣᠯᠠᠨ ᠲᠦᠮᠡᠨ ᠤ ᠠᠵᠢᠯ ᠢ ᠰᠠᠶᠢᠲᠤᠷ ᠬᠢᠵᠦ᠂ ︽ᠠᠰᠠᠭᠤᠳᠠᠯ ᠢ ᠰᠢᠢᠳᠪᠦᠷᠢᠯᠡᠬᠦ ᠰᠡᠳᠬᠢᠬᠦᠢ︾᠎ ᠪᠠᠷ ᠠᠵᠤ ᠠᠬᠤᠶᠢᠯᠠᠯ ᠤᠨ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠬᠦᠴᠢᠷ ᠠᠰᠠᠭᠤᠳᠠᠯ ᠢ ᠪᠦᠭᠦ ᠬᠦᠴᠦᠨ ᠢᠶᠠᠷ ᠢᠶᠠᠨ ᠨᠠᠪᠲᠠᠷᠡᠭᠦᠯᠵᠦ᠂ ︽ᠤᠯᠠᠨ ᠳᠤ ᠬᠠᠨᠤᠮᠵᠢᠲᠠᠢ︾ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠡᠨᠡ ᠵᠢᠯ ᠪᠦᠭᠦ ᠤᠯᠤᠰ ᠤᠨ ᠵᠠᠭᠤᠨ ᠬᠦᠴᠦᠷᠬᠡᠭ ᠬᠤᠲᠠ ᠶᠢᠨ ᠵᠢᠭᠰᠠᠭᠠᠯᠲᠠ ᠳᠤ ᠳᠠᠭᠢᠨ 10 ᠣᠷᠴᠢᠮ ᠨᠡᠷᠡᠰ ᠤᠷᠤᠭᠰᠢᠯᠠᠬᠤ ᠬᠠᠷᠠᠯᠲᠠ ᠶᠢ ᠴᠢᠷᠮᠠᠶᠢᠨ ᠪᠡᠶᠡᠯᠡᠭᠦᠯᠵᠦ ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠶᠢ ᠪᠡᠶᠡᠯᠡᠭᠦᠯᠬᠦ ᠳᠤ ᠪᠤᠭᠤᠲᠤ ᠶᠢᠨ ᠬᠦᠴᠦᠨ ᠢ ᠨᠡᠮᠡᠷᠢᠯᠡᠬᠦ ᠬᠡᠷᠡᠭᠲᠡᠢ ᠭᠡᠵᠦ ᠬᠡᠯᠡᠪᠡ᠃    ᠮᠧᠩ ᠰᠢᠶᠠᠨ ᠳ᠋ᠦᠩ ᠲᠦᠩᠯᠢᠶᠣᠣ ᠬᠤᠳᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠢᠯᠡᠳᠬᠡᠯ ᠨᠢ ᠬᠥᠮᠥᠰ ᠤᠨ ᠰᠡᠳᠬᠢᠯ ᠢ ᠬᠥᠭᠵᠢᠭᠡᠵᠦ᠂ ᠤᠷᠮᠠᠰᠢᠭᠤᠯᠤᠨ ᠵᠣᠷᠢᠭᠵᠢᠭᠤᠯᠵᠤ᠂ ᠡᠯ᠎ᠡ ᠲᠠᠯ᠎ᠠ ᠶᠢᠨ ᠢᠲᠡᠭᠡᠯ ᠵᠣᠷᠢᠭ ᠢ ᠪᠠᠲᠤᠳᠬᠠᠬᠤ᠂ ᠬᠥᠭᠵᠢᠯᠲᠡ ᠶᠢ ᠬᠥᠲᠥᠯᠥᠨ ᠳᠠᠭᠠᠭᠤᠯᠬᠤ ᠳᠤ ᠠᠰᠢᠭᠲᠠᠢ ᠰᠠᠶᠢᠨ ᠢᠯᠡᠳᠬᠡᠯ ᠪᠣᠯᠵᠠᠢ᠃ ᠡᠨᠡ ᠵᠢᠯ ᠤᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠳᠤ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠬᠠᠮᠤᠭ ᠤᠨ ᠶᠡᠭᠡ ᠤᠯᠤᠰ ᠲᠦᠷᠦ ᠮᠥᠨ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ︾ ᠭᠡᠬᠦ ᠳᠡᠭᠡᠳᠦ ᠬᠡᠮᠵᠢᠶᠡᠨ ᠤ ᠤᠬᠠᠮᠰᠠᠷ ᠢ ᠢᠯᠡᠷᠡᠭᠦᠯᠪᠡ᠃ ᠲᠦᠩᠯᠢᠶᠣᠣ ᠬᠤᠲᠠ ᠢᠯᠡᠳᠬᠡᠯ ᠳᠤ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ︽ᠵᠢᠷᠭᠤᠭᠠᠨ ᠢᠨᠵᠧᠨᠧᠷᠢᠩ︾᠎ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠲᠥᠷᠥᠯ ᠵᠦᠢᠯ ᠢᠶᠠᠷ ᠭᠤᠣᠯ ᠪᠣᠯᠭᠠᠨ ᠠᠷᠠᠯᠵᠢᠶᠠᠴᠢᠨ ᠤᠷᠢᠬᠤ ᠪᠠᠷ ᠴᠢᠬᠤᠯᠠ ᠪᠤᠯᠭᠠᠬᠤ︾ ᠣᠶᠢᠯᠠᠭᠠᠭᠳᠠᠬᠤᠨ ᠢ ᠦᠷᠭᠦᠯᠵᠢᠯᠡᠨ ᠬᠡᠷᠡᠭᠵᠢᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠭᠤᠣᠯᠯᠠᠬᠤ ᠪᠠᠶᠢᠷᠢ ᠰᠠᠭᠤᠷᠢ ᠶᠢ ᠴᠢᠩᠭᠠᠳᠬᠠᠵᠤ᠂ ᠦᠢᠯᠡᠴᠢᠯᠡᠭᠡᠨ ᠤ ᠦᠢᠯᠡᠰ ᠤᠨ ᠭᠡᠯᠪᠡᠷᠢ ᠪᠠᠨ ᠬᠤᠪᠢᠷᠠᠭᠤᠯᠬᠤ ᠰᠢᠪᠲᠤᠯᠤᠯᠲᠠ ᠶᠢ ᠠᠬᠢᠭᠤᠯᠵᠤ᠂ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠴᠢᠨᠠᠷᠲᠠᠢ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠵᠤ᠂ ᠳᠠᠪᠠᠵᠤ ᠭᠠᠷᠬᠤ ᠨᠡᠬᠡᠵᠦ ᠭᠦᠢᠴᠡᠬᠦ ᠬᠤᠷᠳᠤᠴᠠ ᠪᠠᠨ ᠪᠦᠭᠦ ᠬᠦᠴᠦᠨ ᠢᠶᠠᠷ ᠢᠶᠠᠨ ᠲᠦᠷᠭᠡᠳᠬᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠦᠢᠯᠡᠳᠦᠯᠭᠡ ᠶᠢᠨ ᠳᠤᠮᠳᠠ ᠲᠦᠩᠯᠢᠶᠣᠣ ᠶᠢᠨ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ ᠭᠡᠵᠦ ᠬᠡᠯᠡᠪᠡ᠃    ᠶᠠᠩ ᠰᠢᠶᠣᠣ ᠺᠠᠩ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠢᠯᠡᠳᠬᠡᠯ ᠨᠢ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠴᠠᠭ ᠦᠶ᠎ᠡ ᠶᠢᠨ ᠰᠤᠳᠠᠰᠤ ᠶᠢ ᠴᠢᠩᠭ᠎ᠠ ᠡᠵᠡᠮᠳᠡᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠬᠤ ᠶᠢ ᠪᠦᠭᠦ ᠬᠦᠴᠦ ᠪᠠᠷ ᠢᠶᠠᠨ ᠠᠬᠢᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠭᠰᠠᠨ᠂ ᠬᠠᠮᠲᠤᠷᠠᠯ ᠬᠦᠴᠦᠨ ᠢ ᠲᠥᠪᠯᠡᠷᠡᠭᠦᠯᠦᠭᠰᠡᠨ᠂ ᠬᠥᠮᠥᠰ ᠢ ᠤᠷᠮᠠᠰᠢᠭᠤᠯᠤᠨ ᠵᠣᠷᠢᠭᠵᠢᠭᠤᠯᠤᠭᠰᠠᠨ ᠰᠠᠶᠢᠨ ᠢᠯᠡᠳᠬᠡᠯ ᠪᠣᠯᠵᠠᠢ᠃ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠪᠣᠯᠤᠭᠰᠠᠨ ᠤ ᠬᠤᠪᠢ ᠳᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ᠂ ᠢᠯᠠᠩᠭᠤᠶ᠎ᠠ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠪᠠᠶᠢᠭᠤᠯᠭ᠎ᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠳᠤ ᠬᠦᠴᠦ ᠲᠠᠯᠪᠢᠨ᠂ ᠴᠡᠷᠢᠭ ᠠᠷᠠᠳ ᠤᠨ ᠠᠭᠤᠰᠤᠯᠴᠠᠯ᠂ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠳᠤᠮᠳᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠪᠣᠯᠣᠳ ᠤᠷᠳᠤ ᠴᠠᠭᠠᠨ ᠬᠡᠷᠡᠮ ᠢ ᠴᠢᠷᠮᠠᠶᠢᠨ ᠴᠣᠭᠴᠠᠯᠠᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠬᠡᠯᠡᠪᠡ᠃    ᠬᠤᠸᠠᠩ ᡁᠢ ᠴᠢᠶᠠᠩ ᠬᠥᠯᠥᠨ ᠪᠤᠶᠢᠷ ᠬᠤᠳᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠠᠮᠵᠢᠯᠲᠠ ᠪᠦᠲᠦᠮᠵᠢ ᠶᠢ ᠦᠨᠡᠨ ᠪᠣᠳᠠᠲᠠᠢ ᠪᠠᠷ ᠳ᠋ᠦᠩᠨᠡᠵᠦ᠂ ᠠᠵᠢᠯ ᠤᠨ ᠪᠠᠶᠢᠷᠢᠯᠠᠭᠤᠯᠤᠯᠲᠠ ᠨᠢ ᠬᠥᠮᠥᠰ ᠢ ᠤᠷᠮᠠᠰᠢᠭᠤᠯᠤᠨ ᠵᠣᠷᠢᠭᠵᠢᠭᠤᠯᠵᠤ᠂ ᠰᠠᠶᠢᠨ ᠢᠯᠡᠳᠬᠡᠯ ᠪᠣᠯᠵᠠᠢ᠃ ᠰᠢᠨ᠎ᠡ ᠨᠢᠭᠡᠨ ᠵᠢᠯ ᠳᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠪᠠᠶᠢᠷᠢᠯᠠᠭᠤᠯᠤᠯᠲᠠ ᠶᠣᠰᠣᠭᠠᠷ᠂ ︽ᠵᠢᠷᠭᠤᠭᠠᠨ ᠢᠨᠵᠧᠨᠧᠷᠢᠩ︾᠎ ᠢ ᠱᠠᠯᠠᠪᠳᠠᠭᠤᠯᠤᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠢᠭᠡ ᠨᠢᠭᠡ ᠵᠦᠢᠯ ᠢᠶᠠᠷ ᠮᠥᠷᠳᠡᠨ ᠨᠠᠶᠢᠳᠠᠪᠤᠷᠢᠵᠢᠭᠤᠯᠤᠨ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠡᠷᠲᠡᠬᠡᠨ ᠪᠣᠳᠠᠲᠠᠶᠢᠵᠢᠭᠤᠯᠬᠤ ᠬᠡᠷᠡᠭᠲᠡᠢ᠃ ᠬᠥᠯᠥᠨ ᠪᠤᠶᠢᠷ ᠬᠤᠳᠠ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ ᠶᠢᠨ ᠲᠣᠭᠤᠷᠢᠨ ᠳᠤ᠂ ᠠᠷᠭ᠎ᠠ ᠪᠦᠭᠦᠨ ᠢ ᠰᠦᠪᠡᠭᠴᠢᠯᠡᠵᠦ ︽ᠨᠣᠭᠤᠭᠠᠷᠠᠭᠤᠯᠤᠯᠲᠠ ᠶᠢ ᠠᠯᠳᠠ ᠪᠤᠯᠭᠠᠬᠤ︾᠂ ᠪᠠᠶᠢᠭᠠᠯᠢ ᠶᠢᠨ ᠡᠬᠢ ᠪᠠᠶᠠᠯᠢᠭ ᠢ ᠠᠵᠤ ᠠᠬᠤᠢ ᠶᠢᠨ ᠡᠬᠢ ᠪᠠᠶᠠᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠨᠠᠷᠢᠨ ᠨᠢᠮᠪᠠᠢ ᠰᠠᠶᠢᠲᠤᠷ ᠡᠷᠭᠢᠯᠡᠵᠦ᠂ ︽ᠤᠷᠤᠯᠳᠤᠭᠠᠨ ᠢ ᠭᠤᠶᠢᠳᠠ ᠰᠠᠶᠢᠬᠠᠨ ᠡᠷᠭᠢᠯᠡᠭᠰᠡᠨ᠂ ᠤᠷᠤᠯᠳᠤᠭᠠᠨ ᠤ ᠰᠠᠶᠢᠨ ᠬᠢᠷᠢ ᠪᠦᠳᠦᠮᠵᠢ ᠶᠢ ᠣᠯᠣᠭᠰᠠᠨ᠂ ᠦᠢᠯᠡᠴᠢᠯᠡᠭᠡ ᠰᠢᠯᠢᠳᠡᠭ᠂ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠣᠭᠰᠠᠨ᠂ ᠬᠥᠭᠵᠢᠯᠲᠡ ᠳᠤ ᠥᠩᠭᠡ ᠭᠡᠷᠡᠯ ᠨᠡᠮᠡᠷᠢᠯᠡᠭᠰᠡᠨ︾ ᠰᠢᠯᠢᠳᠡᠭ ᠰᠢᠯᠭᠠᠯᠲᠠ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠢ᠃ ᠢᠮᠠᠭᠲᠠ ᠰᠠᠨᠠᠭ᠎ᠠ ᠠᠮᠤᠷ ᠪᠠᠶᠢᠬᠤ ᠦᠭᠡᠢ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠪᠣᠯᠣᠨ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠠᠳᠬᠤᠵᠤ᠂ ᠤᠯᠠᠨ ᠲᠦᠮᠡᠨ ᠤ ᠪᠠᠶᠠᠷ ᠤᠨ ᠡᠳᠦᠷ ᠢᠶᠠᠨ ᠪᠠᠶᠠᠷ ᠪᠠᠶᠠᠰᠤᠯ ᠲᠠᠢ ᠠᠮᠤᠷ ᠠᠮᠤᠭᠤᠯᠠᠩ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃    ᠯᠢ ᠢᠦᠢ ᠭᠠᠩ ᠲᠦᠩᠯᠢᠶᠣᠣ ᠬᠤᠲᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠢᠯᠡᠳᠬᠡᠯ ᠤᠨ ᠭᠤᠣᠯ ᠰᠡᠳᠦᠪ ᠢᠯᠡ ᠲᠣᠳᠣ᠂ ᠠᠭᠤᠯᠤᠭᠳᠠᠬᠤᠨ ᠡᠯᠪᠡᠭ ᠪᠠᠶᠠᠯᠢᠭ᠂ ᠵᠣᠬᠢᠶᠠᠯ ᠤᠨ ᠰᠤᠷᠲᠠᠯ ᠪᠣᠷᠣᠭᠵᠢᠭᠤᠨ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ︽ᠬᠤᠶᠠᠷ ᠢ ᠲᠣᠭᠲᠠᠭᠠᠭᠰᠠᠨ︾᠎ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠢᠯᠡ ᠲᠣᠳᠣ ᠤᠯᠤᠰ ᠲᠥᠷᠥ ᠶᠢᠨ ᠵᠣᠭᠰᠣᠯᠲᠠ ᠪᠠ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢ ᠢᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠪᠡ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ︽ᠤᠯᠤᠰ ᠤᠨ ᠶᠡᠭᠡ ᠲᠠᠯ᠎ᠠ︾᠎ ᠶᠢᠨ ᠥᠨᠳᠥᠷᠴᠡ ᠠᠴᠠ ᠲᠦᠩᠯᠢᠶᠣᠣ ᠶᠢᠨ ᠣᠨᠴᠠᠯᠢᠭ ᠲᠤ ᠨᠡᠶᠢᠴᠡᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ ᠰᠠᠶᠢᠲᠤᠷ ᠬᠢᠬᠦ᠂ ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾᠎ ᠶᠢ ᠦᠢᠯᠡᠳᠦᠯᠭᠡᠵᠢᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ︽ᠲᠦᠷᠪᠡᠨ ᠣᠨᠴᠠᠭᠠᠢ︾ ᠴᠢᠬᠤᠯᠠ ᠱᠠᠭᠠᠷᠳᠠᠯᠭ᠎ᠠ ᠳᠤ ᠨᠡᠶᠢᠴᠡᠬᠦ ᠺᠠᠳ᠋ᠷ ᠤᠨ ᠪᠠᠲᠤᠯᠠᠭ᠎ᠠ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠴᠢᠳᠠᠪᠤᠷᠢᠲᠠᠨ ᠤ ᠪᠠᠲᠤᠯᠠᠭ᠎ᠠ᠂ ︽ᠲᠠᠪᠤᠨ ᠪᠠᠬᠢᠯᠡᠯᠲᠡ︾᠎ ᠶᠢᠨ ᠴᠢᠬᠤᠯᠠ ᠦᠢᠯᠡᠳᠦᠯ ᠢ ᠪᠠᠳᠠᠷᠠᠭᠤᠯᠬᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠪᠦᠭᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤᠮᠳᠠ ᠦᠨᠡᠨ ᠬᠦ ᠠᠳᠬᠤᠨ ᠪᠣᠳᠠᠲᠠᠢ ᠠᠵᠢᠯᠯᠠᠬᠤ᠂ ᠲᠡᠷᠢᠭᠦᠨ ᠤ ᠬᠢ ᠶᠢ ᠡᠭᠦᠳᠦᠨ ᠰᠢᠯᠢᠳᠡᠭ ᠪᠤᠯᠬᠤ ᠪᠠᠷ ᠴᠢᠷᠮᠠᠶᠢᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃    ᠬᠦᠦᠳᠠᠭᠤᠯᠠ ᠤᠯᠠᠭᠠᠨᠬᠠᠳᠠ ᠬᠤᠲᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠬᠥᠮᠥᠰ ᠤᠨ ᠰᠡᠳᠬᠢᠯ ᠢ ᠤᠷᠮᠠᠰᠢᠭᠤᠯᠵᠤ᠂ ᠡᠷᠴᠢ ᠵᠣᠷᠢᠭ ᠢ ᠬᠥᠪᠴᠢᠯᠡᠭᠰᠡᠨ ᠰᠠᠶᠢᠨ ᠢᠯᠡᠳᠬᠡᠯ ᠪᠣᠯᠵᠠᠢ᠃ ᠥᠩᠭᠡᠷᠡᠭᠰᠡᠨ ᠨᠢᠭᠡ ᠵᠢᠯ ᠪᠣᠯ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠡᠭᠡᠷᠡᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠮᠥᠨ᠂ ᠬᠥᠭᠵᠢᠯᠲᠡ ᠶᠢᠨ ᠲᠤᠭ᠎ᠠ ᠴᠢᠨᠠᠷ ᠵᠡᠷᠭᠡ ᠪᠠᠷ ᠳᠡᠭᠡᠭᠰᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠪᠦᠭᠦ ᠲᠠᠯ᠎ᠠ ᠪᠠᠷ ᠲᠤᠭᠤᠰᠢᠯᠠᠭᠤᠯᠤᠬᠳᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠠᠷᠢᠭᠤᠴᠠᠯᠭ᠎ᠠ ᠡᠭᠦᠷᠭᠡᠯᠡᠯ ᠨᠡᠩ ᠲᠣᠪᠤᠶᠢᠮ᠎ᠠ ᠪᠣᠯᠪᠠ᠃ ᠤᠯᠠᠭᠠᠨᠬᠠᠳᠠ ᠬᠤᠳᠠ ᠳᠠᠪᠠᠭᠤᠯᠢᠭ ᠢᠶᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ᠂ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠳᠤ ᠤᠯᠠᠭᠠᠨᠬᠠᠳᠠ ᠶᠢᠨ ᠰᠢᠨ᠎ᠡ ᠬᠤᠪᠢ ᠨᠡᠮᠡᠷᠢ ᠶᠢ ᠦᠵᠡᠭᠦᠯᠭᠦ ᠬᠡᠷᠡᠭᠲᠡᠢ ᠭᠡᠵᠦ ᠬᠡᠯᠡᠪᠡ᠃    ᠢᠦᠢ ᠯᠢ ᠰᠢᠨ ᠤᠯᠠᠭᠠᠨᠴᠠᠪ ᠬᠤᠲᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳ᠋ᠦᠩᠨᠡᠭᠰᠡᠨ ᠠᠮᠵᠢᠯᠲᠠ ᠪᠦᠲᠦᠮᠵᠢ ᠢᠯᠡᠳᠲᠡ᠂ ᠬᠤᠪᠢ ᠶᠢᠨ ᠵᠢᠩ ᠭᠦᠢᠴᠡᠳ ᠪᠠᠶᠢᠵᠤ᠂ ᠪᠠᠶᠢᠷᠢᠯᠠᠭᠤᠯᠤᠯᠲᠠ ᠶᠢᠨ ᠰᠡᠳᠬᠢᠴᠡ ᠲᠣᠳᠣᠷᠬᠠᠢ᠂ ᠠᠷᠭ᠎ᠠ ᠬᠡᠮᠵᠢᠶ᠎ᠡ ᠪᠣᠳᠠᠲᠠᠢ ᠪᠠᠶᠢᠵᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠬᠤ ᠢᠯᠡ ᠲᠣᠳᠣ ᠤᠳᠤᠷᠢᠳᠤᠮᠵᠢ ᠶᠢ ᠳᠠᠮᠵᠢᠭᠤᠯᠵᠤ᠂ ᠢᠳᠡᠪᠬᠢᠲᠡᠢ ᠪᠥᠭᠡᠳ ᠪᠣᠳᠠᠲᠠᠢ ᠶᠢ ᠡᠷᠬᠢᠮᠯᠡᠭᠰᠡᠨ᠂ ᠬᠥᠮᠥᠰ ᠢ ᠤᠷᠮᠠᠰᠢᠭᠤᠯᠤᠨ ᠵᠣᠷᠢᠭᠵᠢᠭᠤᠯᠤᠭᠰᠠᠨ ᠰᠠᠶᠢᠨ ᠢᠯᠡᠳᠬᠡᠯ ᠪᠣᠯᠵᠠᠢ ᠭᠡᠪᠡ᠃ ᠲᠡᠷᠡ᠂ ᠢᠯᠡᠳᠬᠡᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ ᠂ ︽ᠵᠢᠷᠭᠤᠭᠠᠨ ᠢᠨᠵᠧᠨᠧᠷᠢᠩ︾᠎ ᠢᠶᠠᠷ ᠵᠢᠯᠣᠭᠤᠳᠤᠮᠵᠢ ᠪᠤᠯᠭᠠᠵᠤ᠂ ᠢᠯᠡᠳᠬᠡᠯ ᠳᠤ ᠲᠣᠬᠢᠷᠠᠭᠤᠯᠤᠭᠰᠠᠨ 10 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠢᠶᠠᠷ ᠵᠠᠮᠨᠠᠬᠤ ᠳᠤ ᠤᠯᠠᠭᠠᠨᠴᠠᠪ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠰᠠᠶᠢᠲᠤᠷ ᠬᠢᠵᠦ ᠰᠠᠶᠢᠲᠤᠷ ᠪᠦᠲᠦᠭᠡᠬᠦ᠂ ᠦᠨᠡᠨ ᠠᠴᠠ ᠵᠥᠪ ᠢ ᠡᠷᠢᠬᠦ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠣᠳᠠᠲᠠᠢ ᠲᠠᠢ ᠨᠢᠭᠲᠠ ᠤᠶᠠᠯᠳᠤᠭᠤᠯᠵᠤ᠂ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ᠲᠣᠭᠲᠠᠭᠰᠠᠨ ᠶᠠᠪᠤᠳᠠᠯ ᠢ ᠵᠢᠯ ᠤᠨ ᠡᠬᠢᠨ ᠠᠴᠠ ᠵᠢᠯ ᠤᠨ ᠰᠡᠭᠦᠯᠴᠢ ᠪᠤᠯᠲᠠᠯ᠎ᠠ ᠠᠳᠬᠤᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠬᠦ᠂ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠬᠤ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾᠎ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠢᠯᠡᠷᠬᠡᠶᠢᠯᠡᠪᠡ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1