ᠮᠠᠨ ᠤ ᠣᠷᠣᠨ ᠰᠢᠨᠵᠢᠯᠡᠬᠦ ᠤᠬᠠᠭᠠᠨᠴᠢ ᠬᠠᠮᠠᠭᠠᠯᠠᠯᠲᠠ ᠬᠠᠮᠢᠶᠠᠷᠤᠯᠲᠠ ᠪᠠᠷ ᠨᠤᠲᠤᠭ ᠪᠡᠯᠴᠢᠭᠡᠷ ᠤᠨ ᠰᠡᠷᠭᠦᠭᠡᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/2/6
    ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ ᠥᠪᠥᠷ ᠮᠣᠩᠭᠤᠯ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠪᠡᠯᠴᠢᠭᠡᠷᠯᠡᠭᠦᠯᠬᠦ ᠶᠢ ᠵᠣᠭᠰᠣᠭᠠᠭᠰᠠᠨ ᠣᠷᠣᠨ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠬᠤ᠂ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠬᠢᠨᠠᠨ ᠬᠠᠮᠢᠶᠠᠷᠬᠤ ᠠᠵᠢᠯ ᠢ ᠥᠷᠨᠢᠭᠦᠯᠬᠦ ᠪᠠᠷ ᠳᠠᠮᠵᠢᠭᠤᠯᠤᠨ ᠨᠤᠲᠤᠭ ᠪᠡᠯᠴᠢᠭᠡᠷ ᠤᠨ ᠰᠡᠷᠭᠦᠭᠡᠯᠲᠡ ᠶᠢ ᠪᠦᠲᠦᠮᠵᠢᠲᠡᠶ ᠠᠬᠢᠭᠤᠯᠤᠭᠰᠠᠨ ᠪᠠᠶᠢᠨ᠎ᠠ᠃    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠳᠦᠷᠢᠮ︾ ᠶᠣᠰᠣᠭᠠᠷ᠂ ᠪᠥᠬᠦ ᠣᠷᠣᠨ ᠤ 3.8 ᠳ᠋ᠦᠩᠰᠢᠭᠤᠷ ᠮᠦ ᠨᠤᠲᠤᠭ ᠪᠡᠯᠴᠢᠭᠡᠷ ᠢ 5 ᠵᠢᠯ ᠤᠨ ᠰᠡᠷᠭᠦᠭᠡᠯᠲᠡ ᠶᠢᠨ ᠬᠤᠭᠤᠴᠠᠭᠠᠨ ᠳᠤ ᠣᠷᠣᠭᠤᠯᠵᠤ᠂ ᠪᠡᠯᠴᠢᠭᠡᠷᠯᠡᠭᠦᠯᠬᠦ ᠶᠢ ᠵᠣᠭᠰᠣᠭᠠᠭᠰᠠᠨ ᠣᠷᠣᠨ ᠠᠴᠠ ᠪᠣᠰᠣᠳ ᠲᠤ ᠨᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠪᠡ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠵᠢᠯ ᠪᠦᠷᠢ ᠶᠢᠨ ᠬᠠᠪᠤᠷ ᠤᠨ ᠤᠯᠠᠷᠢᠯ ᠳᠤ 45 ᠡᠳᠦᠷ ᠠᠴᠠ ᠢᠯᠡᠭᠦᠦ ᠪᠡᠯᠴᠢᠭᠡᠷ ᠰᠡᠷᠭᠦᠭᠡᠬᠦ ᠳᠦᠷᠢᠮ ᠶᠢ ᠬᠡᠷᠡᠭᠵᠢᠭᠦᠯᠦᠨ᠂ ᠡᠪᠡᠰᠦ ᠪᠡᠯᠴᠢᠭᠡᠷ ᠤᠨ ᠨᠣᠭᠤᠭᠠᠷᠠᠯᠲᠠ ᠶᠢ ᠦᠨᠡᠨ ᠬᠦ ᠪᠠᠲᠤᠯᠠᠵᠤ ᠪᠠᠶᠢᠨ᠎ᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠥᠬᠦ ᠣᠷᠣᠨ ᠤ ᠨᠤᠲᠤᠭ ᠪᠡᠯᠴᠢᠭᠡᠷ ᠲᠤ ᠮᠠᠯ ᠪᠡᠯᠴᠢᠭᠡᠷ ᠤᠨ ᠲᠡᠩᠴᠡᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠠᠵᠢᠯ ᠢ ᠥᠷᠨᠢᠭᠦᠯᠵᠦ᠂ ᠭᠠᠴᠠᠭ᠎ᠠ ᠲᠣᠰᠬᠤᠨ ᠤ ᠱᠠᠲᠤᠨ ᠳᠤ ᠬᠦᠷᠲᠡᠯ᠎ᠡ ᠨᠠᠷᠢᠯᠢᠭᠵᠢᠭᠤᠯᠤᠭᠰᠠᠨ ᠰᠡᠷᠡᠮᠵᠢᠯᠡᠭᠦᠯᠬᠦ ᠵᠢᠷᠤᠭ ᠱᠤᠭᠤᠮ ᠢ ᠪᠣᠶ ᠪᠣᠯᠭᠠᠭᠠᠳ᠂ ᠰᠢᠨᠵᠢᠯᠡᠬᠦ ᠤᠬᠠᠭᠠᠨᠴᠢ ᠪᠠᠷ ᠪᠡᠯᠴᠢᠭᠡᠷᠯᠡᠭᠦᠯᠬᠦ ᠶᠢ ᠵᠢᠯᠤᠭᠤᠳᠬᠤ ᠪᠠ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ ᠢ ᠨᠢ ᠭᠤᠣᠯᠳᠠᠯᠭ᠎ᠠ ᠲᠠᠢ ᠲᠣᠭᠤᠷᠢᠨ ᠪᠠᠶᠢᠴᠠᠭᠠᠬᠤ ᠣᠷᠣᠨ ᠪᠦᠰᠡ ᠶᠢ ᠲᠣᠳᠣᠷᠬᠠᠶᠢᠯᠠᠬᠤ ᠳᠤ ᠰᠠᠭᠤᠷᠢ ᠲᠤᠭ᠎ᠠ ᠪᠠᠷᠢᠮᠲᠠ ᠶᠢ ᠬᠠᠩᠭᠠᠵᠠᠢ᠃ ᠨᠤᠲᠤᠭ ᠪᠡᠯᠴᠢᠭᠡᠷ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠ ᠲᠣᠭᠠᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠬᠦ ᠶᠢᠨ ᠲᠥᠯᠥᠭᠡ᠂ ᠮᠠᠨ ᠤ ᠣᠷᠣᠨ ᠨᠤᠲᠤᠭ ᠪᠡᠯᠴᠢᠭᠡᠷ ᠤᠨ ᠲᠣᠥᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠥᠷᠨᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠲᠣᠭᠠᠵᠢᠭᠤᠯᠤᠭᠰᠠᠨ ᠬᠢᠨᠠᠨ ᠬᠠᠮᠢᠶᠠᠷᠬᠤ ᠲᠠᠪᠴᠠᠩ︾᠎ ᠢ ᠪᠠᠶᠢᠭᠤᠯᠵᠠᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1