ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠬᠤᠶᠠᠳᠤᠭᠠᠷ ᠤᠳᠠᠭ᠎ᠠ ᠶᠢᠨ ᠬᠤᠷᠠᠯ ᠬᠢᠪᠡ ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/2/6
    2 ᠰᠠᠷ᠎ᠠ ᠶᠢᠨ 1᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠬᠤᠶᠠᠳᠤᠭᠠᠷ ᠤᠳᠠᠭ᠎ᠠ ᠶᠢᠨ ᠬᠤᠷᠠᠯ ᠬᠢᠪᠡ᠃    ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ 64 ᠬᠥᠮᠥᠨ ᠪᠤᠢ᠂ 64 ᠬᠥᠮᠥᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃    ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠰᠦᠨ ᠱᠤᠤ ᠴᠧᠩ ᠬᠤᠷᠠᠯ ᠢ ᠡᠷᠭᠢᠯᠡᠵᠦ᠂ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠯᠢᠨ ᠱᠤᠤ ᠴᠦᠨ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠱᠢ ᠸᠧᠨ ᠰᠢᠤᠸᠠᠢ ᠬᠤᠷᠠᠯ ᠳᠤ ᠣᠷᠣᠯᠴᠠᠵᠠᠢ᠃    ᠬᠤᠷᠠᠯ ᠠᠴᠠ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠧᠦ ᠺᠠᠢ ᠶᠢᠨ ᠬᠢᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠤ ᠵᠢᠱᠢᠭᠳᠡᠭᠴᠢ ᠶᠢ ᠰᠣᠩᠭᠤᠨ ᠭᠠᠷᠭᠠᠬᠤ ᠲᠠᠨᠢᠯᠴᠠᠭᠤᠯᠤᠭᠰᠠᠨ ᠨᠡᠷᠡᠰ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃    ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠠᠴᠠ ᠨᠡᠷ᠎ᠡ ᠳᠤᠷᠠᠳᠤᠭᠰᠠᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠤ ᠵᠢᠱᠢᠭᠳᠡᠭᠴᠢ ᠶᠢᠨ ᠨᠡᠷᠡᠰ︾᠎ ᠢ ᠪᠠᠲᠤᠯᠠᠵᠤ᠂ ᠪᠠᠲᠤᠯᠠᠭᠰᠠᠨ ᠤ ᠳᠠᠷᠠᠭᠠᠬᠢ ᠵᠢᠱᠢᠭᠳᠡᠭᠴᠢ ᠶᠢᠨ ᠨᠡᠷᠡᠰ ᠢ ᠪᠦᠭᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ ᠵᠥᠪᠳᠡᠯᠴᠡᠭᠦᠯᠦᠨ ᠶᠠᠷᠢᠯᠴᠠᠭᠤᠯᠬᠤ ᠪᠠᠷ ᠲᠣᠭᠲᠠᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1