︽ᠠᠷᠪᠠᠨ ᠳᠥᠷᠪᠡᠳᠦᠭᠡᠷ ᠡᠪᠦᠯ︾᠎ ᠤᠨ ᠭᠠᠯ ᠪᠠᠮᠪᠠᠷ ᠳᠠᠮᠵᠢᠭᠤᠯᠤᠯᠲᠠ ᠠᠮᠵᠢᠯᠲᠠ ᠲᠠᠢ ᠲᠡᠭᠦᠰᠪᠡ ᠯᠢ ᠶᠢᠩ ᠴᠤᠸᠠᠨ ᠭᠠᠯ ᠪᠠᠮᠪᠠᠷ ᠠᠰᠠᠭᠠᠵᠤ ᠶᠣᠣ ᠶᠦᠩ ᠪᠥᠸᠧ ᠠᠷᠢᠭᠤᠨ ᠬᠤᠪᠣᠩ ᠢ ᠠᠰᠠᠭᠠᠪᠠ
ᠨᠡᠶᠢᠲᠡᠯᠡᠭᠰᠡᠨ ᠴᠠᠭ᠄
2024/2/6
    2 ᠳ᠋ᠤᠭᠠᠷ ᠰᠠᠷ᠎ᠠ ᠶᠢᠨ 3᠎ ᠤ ᠡᠳᠦᠷ᠂ 2024 ᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠭᠠᠯ ᠪᠠᠮᠪᠠᠷ ᠳᠠᠮᠵᠢᠭᠤᠯᠤᠯᠲᠠ ᠬᠥᠯᠥᠨ ᠪᠤᠶᠢᠷ ᠬᠤᠲᠠ ᠳᠤ ᠶᠠᠪᠤᠭᠳᠠᠪᠠ᠃    ︽ᠠᠷᠪᠠᠨ ᠳᠥᠷᠪᠡᠳᠦᠭᠡᠷ ᠡᠪᠦᠯ︾᠎ ᠤᠨ ᠵᠣᠬᠢᠶᠠᠨ ᠪᠠᠶᠢᠭᠤᠯᠬᠤ ᠺᠣᠮᠢᠰ ᠤᠨ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠠᠷᠢᠭᠤᠨ ᠬᠤᠪᠣᠩ ᠢ ᠠᠰᠠᠭᠠᠪᠠ᠃ ︽ᠠᠷᠪᠠᠨ ᠳᠥᠷᠪᠡᠳᠦᠭᠡᠷ ᠡᠪᠦᠯ︾᠎ ᠤᠨ ᠵᠣᠬᠢᠶᠠᠨ ᠪᠠᠶᠢᠭᠤᠯᠬᠤ ᠺᠣᠮᠢᠰ ᠤᠨ ᠳᠡᠳ᠋ ᠡᠷᠬᠢᠯᠡᠭᠴᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶᠠᠨ ᠤ ᠳᠡᠳ᠋ ᠳᠠᠷᠤᠭ᠎ᠠ ᠯᠢ ᠶᠢᠩ ᠴᠤᠸᠠᠨ ᠭᠠᠯ ᠪᠠᠮᠪᠠᠷ ᠢ ᠠᠰᠠᠭᠠᠭᠰᠠᠨ ᠪᠥᠭᠡᠳ ᠭᠠᠯ ᠪᠠᠮᠪᠠᠷ ᠳᠠᠮᠵᠢᠭᠤᠯᠤᠯᠲᠠ ᠡᠬᠢᠯᠡᠭᠰᠡᠨ ᠢ ᠵᠠᠷᠯᠠᠪᠠ᠃    ᠲᠣᠰ ᠤᠳᠠᠭ᠎ᠠ ᠶᠢᠨ ᠭᠠᠯ ᠪᠠᠮᠪᠠᠷ ᠳᠠᠮᠵᠢᠭᠤᠯᠬᠤ ᠱᠤᠭᠤᠮ ᠤᠨ ᠪᠥᠬᠦ ᠣᠷᠳᠣ ᠨᠢ 230 ᠺᠢᠯᠣᠮᠧᠳ᠋ᠷ ᠪᠠᠶᠢᠵᠤ᠂ ᠮᠠᠨᠵᠤᠤᠷ ᠤᠨ ᠤᠯᠤᠰ ᠤᠨ ᠡᠭᠦᠳᠡ ᠠᠴᠠ ᠡᠬᠢᠯᠡᠵᠦ᠂ ᠬᠠᠭᠤᠴᠢᠨ ᠪᠠᠷᠭᠤ ᠬᠤᠰᠢᠭᠤ᠂ ᠬᠠᠶᠢᠯᠠᠷ ᠲᠣᠭᠤᠷᠢᠭ ᠢᠶᠠᠷ ᠥᠩᠭᠡᠷᠡᠨ᠂ ︽ᠠᠷᠪᠠᠨ ᠳᠥᠷᠪᠡᠳᠦᠭᠡᠷ ᠡᠪᠦᠯ︾᠎ ᠤᠨ ᠭᠤᠣᠯ ᠲᠠᠯᠠᠪᠠᠶ ᠶᠢᠨ ᠣᠷᠳᠣᠨ ᠪᠣᠯᠬᠤ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠪᠣᠯᠪᠠᠰᠤᠷᠠᠯ ᠤᠨ ᠲᠥᠪ ᠲᠤ ᠭᠠᠯ ᠬᠤᠷᠢᠶᠠᠬᠤ ᠶᠣᠰᠣᠯᠠᠯ ᠶᠠᠪᠤᠭᠤᠯᠪᠠ᠃ 65 ᠭᠠᠯ ᠪᠠᠮᠪᠠᠷᠴᠢᠨ ᠭᠦᠶᠦᠬᠦ᠂ ᠮᠠᠰᠢᠨ ᠪᠠᠷᠢᠬᠤ᠂ ᠮᠣᠷᠢ ᠤᠨᠤᠬᠤ᠂ ᠴᠠᠰᠤᠲᠤ ᠭᠠᠵᠠᠷ ᠤᠨ ᠮᠣᠲ᠋ᠣᠷ ᠤᠨᠤᠬᠤ ᠵᠡᠷᠭᠡ ᠬᠡᠯᠪᠡᠷᠢ ᠪᠠᠷ ᠲᠠᠮᠢᠷ ᠤᠨ ᠴᠤᠭᠯᠠᠭᠠᠨ ᠤ ᠠᠷᠢᠭᠤᠨ ᠭᠠᠯ ᠢ ᠳᠠᠮᠵᠢᠭᠤᠯᠵᠠᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1