ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/2/6
    2 ᠳ᠋ᠤᠭᠠᠷ ᠰᠠᠷ᠎ᠠ ᠶᠢᠨ 4᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠠᠷᠢᠶ᠎ᠠ ᠲᠠᠯᠪᠢᠵᠠᠢ᠃    ᠬᠤᠸᠠᠩ ᡁᠢ ᠴᠢᠶᠠᠩ ᠬᠡᠯᠡᠬᠦ ᠳᠤ ᠪᠠᠨ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠢ ᠶᠢᠨ ᠲᠠᠯᠠᠪᠠᠶ ᠶᠢᠨ ᠳᠠᠩᠰᠠᠯᠠᠯᠲᠠ ᠶᠢᠨ ᠠᠵᠢᠯ ᠵᠠᠩᠭᠢᠯᠠᠭ᠎ᠠ ᠶᠢᠨ ᠱᠠᠲᠤᠨ ᠳᠤ ᠪᠠᠨ ᠣᠷᠣᠪᠠ᠂ ᠥᠩᠭᠡᠷᠡᠭᠰᠡᠨ ᠤ ᠬᠢ ᠲᠠᠢ ᠬᠠᠷᠢᠴᠠᠭᠤᠯᠪᠠᠯ᠂ ᠣᠶᠢᠷ᠎ᠠ ᠶᠢᠨ ᠬᠡᠳᠦᠨ ᠵᠢᠯ ᠳᠤ ᠮᠠᠨ ᠤ ᠣᠷᠣᠨ ᠤ ᠡᠵᠡᠩᠨᠡᠯᠲᠡ ᠶᠢᠨ ᠭᠤᠣᠯ ᠴᠣᠭᠴᠠ ᠨᠤᠭᠤᠳ ᠣᠭᠵᠤᠮ ᠨᠡᠮᠡᠭᠳᠡᠵᠦ᠂ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠬᠦᠷᠢᠶ᠎ᠡ ᠬᠡᠪᠴᠢᠶ᠎ᠡ ᠶᠡᠭᠡ ᠪᠥᠭᠡᠳ ᠥᠷᠭᠡᠨ ᠪᠣᠯᠵᠠᠢ᠂ ᠲᠤᠬᠠᠢ ᠶᠢᠨ ᠲᠠᠯᠠᠪᠠᠶ ᠶᠢᠨ ᠳᠠᠩᠰᠠᠯᠠᠯᠲᠠ ᠶᠢᠨ ᠠᠵᠢᠯ ᠢ ᠰᠠᠶᠢᠨ ᠬᠢᠭᠰᠡᠨ ᠡᠰᠡᠬᠦ ᠨᠢ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠣᠯᠵᠤ ᠠᠯᠳᠠᠬᠤ ᠲᠠᠢ ᠰᠢᠭᠤᠳ ᠬᠤᠯᠪᠤᠭᠳᠠᠨ᠎ᠠ᠃ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠤᠬᠠᠢ ᠶᠢᠨ ᠲᠠᠯᠠᠪᠠᠶ ᠶᠢᠨ ᠳᠠᠩᠰᠠᠯᠠᠯᠲᠠ ᠶᠢᠨ ᠠᠵᠢᠯ ᠤᠨ ᠲᠡᠷᠢᠭᠦᠨ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠶᠠᠰᠤ ᠴᠢᠨᠠᠷ ᠢ ᠡᠵᠡᠮᠳᠡᠬᠦ ᠬᠠᠷᠢᠭᠤᠴᠠᠯᠭ᠎ᠠ ᠶᠢ ᠭᠤᠭᠴᠤᠭ᠎ᠠ ᠨᠢᠭᠡ ᠪᠦᠷᠢ ᠳᠤ ᠬᠦᠷᠲᠡᠯ᠎ᠡ ᠪᠣᠳᠠᠲᠠᠶᠢᠵᠢᠭᠤᠯᠵᠤ᠂ ᠴᠡᠭ ᠨᠢᠭᠡ ᠪᠦᠷᠢ ᠶᠢ ᠨᠢᠭᠲᠠ ᠠᠩᠬᠠᠷᠴᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠶ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠬᠠᠭᠤᠯᠭ᠎ᠠ ᠶᠢ ᠲᠤᠬᠠᠢ ᠶᠢᠨ ᠲᠠᠯᠠᠪᠠᠶ ᠶᠢᠨ ᠳᠠᠩᠰᠠᠯᠠᠯᠲᠠ ᠶᠢᠨ ᠠᠵᠢᠯ ᠤᠨ ᠴᠢᠨᠠᠷ ᠪᠠ ᠪᠦᠲᠦᠮᠵᠢ ᠶᠢ ᠳᠡᠭᠡᠭᠰᠢᠯᠡᠭᠦᠯᠬᠦ ᠬᠦᠴᠦᠲᠡᠢ ᠠᠷᠭ᠎ᠠ ᠪᠠᠷᠢᠯ ᠪᠣᠯᠭᠠᠨ᠂ ᠡᠵᠡᠩᠨᠡᠯᠲᠡ ᠶᠢᠨ ᠭᠤᠣᠯ ᠴᠣᠭᠴᠠ ᠨᠤᠭᠤᠳ ᠤᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠣᠶᠢᠯᠠᠭᠠᠬᠤ᠂ ᠳᠡᠮᠵᠢᠬᠦ ᠪᠠ ᠬᠠᠮᠵᠢᠯᠴᠠᠬᠤ ᠬᠡᠮᠵᠢᠶ᠎ᠡ ᠶᠢ ᠴᠢᠨᠠᠭᠰᠢᠳᠠ ᠤᠯᠠᠮ ᠳᠡᠭᠡᠭᠰᠢᠯᠡᠭᠦᠯᠵᠦ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠰᠠᠶᠢᠲᠤᠷ ᠪᠣᠶ ᠪᠣᠯᠭᠠᠬᠤ ᠬᠡᠷᠡᠭᠲᠡᠢ ᠭᠡᠪᠡ᠃    ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠤᠯᠠᠭᠠᠨᠬᠠᠳᠠ ᠬᠤᠳᠠ᠂ ᠣᠷᠳᠣᠰ ᠬᠤᠳᠠ ᠬᠤᠷᠠᠯ ᠳᠡᠭᠡᠷ᠎ᠡ ᠭᠤᠣᠯᠳᠠᠯᠭ᠎ᠠ ᠲᠠᠢ ᠶᠠᠷᠢᠶ᠎ᠠ ᠲᠠᠯᠪᠢᠵᠠᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1