ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2024/2/6
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠪᠡᠭᠡᠵᠢᠩ ᠳᠤ ᠬᠤᠷᠠᠯᠳᠤᠪᠠ      ᠬᠤᠷᠠᠯ ᠠᠴᠠ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠴᠢᠬᠤᠯᠠ ᠶᠠᠷᠢᠶ᠎ᠠ ᠶᠢ ᠤᠯᠠᠮᠵᠢᠯᠠᠵᠤ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠪᠠᠶᠢᠷᠢᠯᠠᠭᠤᠯᠤᠯᠲᠠ ᠬᠢᠵᠡᠢ      ᠼᠠᠢ ᠴᠢ ᠳ᠋ᠦᠩᠨᠡᠯᠲᠡ ᠶᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ            ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 4᠎ ᠤ ᠴᠠᠭᠢᠯᠭᠠᠨ ᠮᠡᠳᠡᠭᠡ   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ 4᠎ ᠤ ᠡᠳᠦᠷ ᠪᠡᠭᠡᠵᠢᠩ ᠳᠤ ᠬᠤᠷᠠᠯᠳᠤᠪᠠ᠃      ᠲᠦᠷᠦᠭᠦᠬᠡᠨ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠢ ᠡᠷᠭᠢᠯᠡᠨ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠮᠡᠳᠡᠭᠦᠯᠦᠯᠲᠡ ᠪᠣᠯᠣᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠰᠠᠨᠠᠯ ᠢ ᠬᠢᠨᠠᠨ ᠵᠥᠪᠯᠡᠬᠦ ᠳᠡᠭᠡᠨ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠭᠤᠣᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠠᠴᠠ ᠨᠠᠭᠠᠰᠢ ᠂ ᠪᠦᠭᠦ ᠨᠠᠮ ᠢᠶᠠᠷ ᠢᠶᠠᠨ ︽ᠦᠵᠡᠯ ᠰᠠᠨᠠᠭ᠎ᠠ ᠶᠢ ᠰᠤᠷᠤᠯᠴᠠᠬᠤ ᠂ ᠨᠠᠮᠴᠢ ᠴᠢᠨᠠᠷ ᠢ ᠴᠢᠩᠭᠠᠳᠬᠠᠬᠤ ᠂ ᠦᠢᠯᠡᠳᠦᠯᠭᠡ ᠶᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ ᠂ ᠭᠤᠣᠯ ᠰᠡᠳᠦᠪ ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠶᠢ ᠡᠭᠢᠯᠡᠯᠲᠡ ᠶᠢᠨ ᠵᠢᠯ ᠤᠨ ᠠᠵᠢᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠬᠤ ᠶᠢ ᠲᠤᠪᠤᠶᠢᠯᠭᠠᠵᠥ ᠂ ᠢᠯᠠᠩᠭᠤᠶ᠎ᠠ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠠᠰᠠᠭᠤᠳᠠᠯ ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠂ ᠨᠠᠮ ᠤᠨ ᠪᠠᠶᠢᠭᠤᠯᠤᠯᠲᠠ ᠶᠢᠨ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠵᠢᠱᠢᠭᠰᠡᠨ ᠬᠠᠷᠠᠯᠲᠠ ᠳᠠᠭᠠᠨ ᠬᠦᠷᠴᠦ ᠂ ᠢᠯᠡᠳᠲᠡ ᠦᠷ᠎ᠡ ᠪᠦᠲᠦᠮᠵᠢ ᠣᠯᠪᠠ ᠭᠡᠵᠦ ᠵᠢᠭᠠᠵᠤ ᠭᠠᠷᠭᠠᠪᠠ ᠃      ᠰᠢ ᠶᠢᠨ ᠫᠢᠩ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠰᠠᠨᠠᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ ᠃ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠰᠤᠷᠤᠯᠴᠠᠬᠤ ᠶᠢ ᠪᠠᠷᠢᠮᠲᠠᠯᠠᠬᠤ ᠪᠠᠷ ᠲᠠᠮᠵᠢᠨ ᠂ ᠵᠢᠮ᠎ᠡ ᠶᠣᠰᠣ ᠶᠢ ᠣᠶᠢᠯᠠᠭᠠᠵᠤ ᠂ ᠴᠢᠭᠯᠡᠯ ᠢᠶᠠᠨ ᠲᠣᠳᠣᠷᠬᠠᠶᠢᠯᠠᠵᠤ ᠂ ᠠᠷᠭ᠎ᠠ ᠶᠢ ᠰᠤᠷᠤᠯᠴᠠᠵᠤ ᠂ ᠤᠶᠤᠨ ᠤᠬᠠᠭᠠᠨ ᠢᠶᠠᠨ ᠨᠡᠮᠡᠭᠳᠡᠭᠦᠯᠵᠦ ᠂ ᠦᠨᠳᠦᠰᠦ ᠰᠠᠭᠤᠷᠢ ᠪᠠᠨ ᠪᠠᠬᠢᠵᠢᠭᠦᠯᠵᠦ ᠂ ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠬᠤ ᠶᠢ ᠬᠥᠮᠥᠵᠢᠭᠦᠯᠦᠨ ᠵᠢᠯᠤᠭᠤᠳᠴᠤ ᠂ ᠨᠠᠮ ᠤᠨ ᠪᠦᠯᠬᠦᠮᠳᠡᠯ ᠨᠢᠭᠡᠳᠦᠯ ᠤᠨ ᠦᠵᠡᠯ ᠰᠠᠨᠠᠭᠠᠨ ᠤ ᠰᠠᠭᠤᠷᠢ ᠶᠢ ᠤᠯᠠᠮ ᠴᠢᠨᠠᠭᠰᠢᠳᠠ ᠪᠠᠬᠢᠵᠢᠭᠦᠯᠬᠦ ᠬᠡᠷᠡᠭᠲᠡᠢ ᠃ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠰᠠᠶᠢᠲᠤᠷ ᠠᠳᠬᠤᠵᠤ ᠂ ᠳᠦᠷᠢᠮ ᠲᠣᠭᠲᠠᠭᠠᠯ ᠲᠣᠭᠲᠠᠭᠠᠵᠤ ᠂ ᠠᠷᠠᠳ ᠤᠯᠠᠨ ᠳᠤ ᠠᠰᠠᠭᠤᠳᠠᠯ ᠢ ᠰᠢᠢᠳᠪᠦᠷᠢᠯᠡᠭᠰᠡᠨ ᠪᠣᠳᠠᠲᠠᠢ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠵᠦ ᠂ ᠠᠷᠠᠳ ᠤᠯᠠᠨ ᠳᠤ ᠬᠦᠷᠲᠡᠮᠵᠢ ᠶᠢᠨ ᠲᠥᠷᠥᠭᠳᠡᠯ ᠣᠯᠭᠤᠬᠤ ᠬᠡᠷᠡᠭᠲᠡᠢ ᠃ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ ᠂ ︽ ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ ︾᠎ ᠶᠢ ᠨᠠᠶᠢᠳᠠᠪᠤᠷᠢᠵᠢᠭᠤᠯᠵᠤ ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ ︾᠎ ᠶᠢ ᠪᠠᠷᠢᠮᠲᠠᠯᠠᠨ ᠬᠥᠭᠵᠢᠭᠦᠯᠵᠦ ᠂ ᠰᠢᠨ᠎ᠡ ᠴᠠᠭ ᠦᠶ᠎ᠡ ᠶᠢᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠵᠤ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ ᠃ ᠪᠣᠳᠠᠲᠠᠢ ᠶᠢ ᠡᠷᠭᠢᠮᠯᠡᠭᠦ ᠰᠤᠷᠲᠠᠯ ᠂ ᠠᠷᠢᠭᠤᠨ ᠴᠢᠬᠡᠴᠢ ᠰᠤᠷᠲᠠᠯ ᠂ ᠠᠷᠪᠢᠴᠢ ᠪᠣᠷᠣᠭᠵᠢᠭᠤᠨ ᠰᠤᠷᠲᠠᠯ ᠢ ᠶᠡᠭᠡ ᠪᠠᠷ ᠪᠠᠳᠠᠷᠠᠭᠤᠯᠵᠤ ᠂ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ ᠂ ᠪᠦᠭᠦ ᠨᠠᠮ ᠤᠨ ᠳᠣᠲᠣᠷ᠎ᠠ ᠲᠥᠪᠯᠡᠷᠡᠩᠭᠦᠢ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠢ ᠰᠠᠶᠢᠲᠤᠷ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ ᠃ ᠦᠨᠳᠦᠰᠦᠨ ᠱᠠᠲᠤᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠠᠬᠢᠭᠤᠯᠵᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ ᠃ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠠᠲᠤ ᠪᠤᠢ ᠪᠤᠯᠭᠠᠵᠤ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ ᠂ ᠦᠨᠡᠨ ᠠᠴᠠ ᠵᠥᠪ ᠢ ᠡᠷᠢᠵᠦ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠂ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ ᠂ ᠪᠣᠳᠠᠲᠠᠢ ᠪᠠᠷ ᠬᠢᠵᠦ ᠂ ᠪᠣᠳᠠᠲᠤ ᠦᠷ᠎ᠡ ᠪᠦᠲᠦᠮᠵᠢ ᠭᠠᠷᠭᠠᠬᠤ ᠶᠢ ᠡᠷᠬᠢᠮᠯᠡᠵᠦ ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠃ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ ︶ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ ᠃      ᠬᠤᠷᠠᠯ ᠠᠴᠠ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠪᠠ ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ ᠰᠢ ᠎ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠼᠠᠢ ᠴᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃ ᠲᠡᠷᠡ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠭᠤᠣᠯ ᠰᠡᠳᠦᠪᠲᠦ ᠬᠥᠮᠦᠵᠢᠯ ᠤᠨ ᠣᠯᠣᠭᠰᠠᠨ ᠢᠯᠡᠳᠲᠡ ᠦᠷ᠎ᠡ ᠪᠦᠲᠦᠮᠵᠢ ᠶᠢ ᠭᠦᠢᠴᠡᠳ ᠨᠤᠲᠠᠯᠠᠵᠤ ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ ᠃ ᠪᠢᠳᠡ ᠭᠦᠨᠵᠡᠭᠡᠢ ᠣᠶᠢᠯᠠᠭᠠᠵᠤ ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃      ᠼᠠᠢ ᠴᠢ ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢᠯᠡᠳᠲᠡ ᠦᠷ᠎ᠡ ᠪᠦᠲᠦᠮᠵᠢ ᠣᠯᠣᠭᠰᠠᠨ ᠤ ᠦᠨᠳᠦᠰᠦᠨ ᠰᠢᠯᠲᠠᠭᠠᠨ ᠨᠢ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤ ᠪᠤᠢ ᠂ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠲᠥᠯᠥᠪᠵᠢᠭᠦᠯᠵᠦ ᠂ ᠰᠢᠭᠤᠳ ᠤᠳᠤᠷᠢᠳᠴᠤ ᠂ ᠪᠦᠭᠦ ᠶᠠᠪᠤᠴᠠ ᠪᠠᠷ ᠵᠢᠭᠠᠨ ᠵᠢᠯᠤᠭᠤᠳᠴᠤ ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠤᠭᠰᠠᠨ ᠳᠤ ᠪᠠᠶᠢᠨ᠎ᠠ ᠃ ᠶᠡᠷᠦᠩᠬᠡᠢ ᠱᠦᠵᠢ ᠰᠢ ᠶᠢᠨ ᠫᠢᠩ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠤ ᠣᠷᠤᠯᠴᠠᠬᠤ ᠶᠢᠨ ᠬᠠᠮᠲᠤ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ  ᠪᠠᠶᠢᠩᠭᠤ ᠶᠢᠨ ᠬᠤᠷᠢᠶ᠎ᠠ ᠶᠢᠨ ᠬᠤᠷᠠᠯ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠂ ᠭᠤᠣᠯ ᠰᠡᠳᠦᠪᠲᠦ ᠬᠥᠮᠦᠵᠢᠯ ᠤᠨ ᠲᠣᠭᠤᠷᠢᠨ ᠳᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠠᠮᠲᠤ ᠶᠢᠨ ᠰᠤᠷᠤᠯᠴᠠᠯᠭ᠎ᠠ ᠪᠣᠯᠣᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠡᠷᠭᠢᠯᠡᠭᠦ ᠶᠢᠨ ᠬᠠᠮᠲᠤ ᠤᠯᠠᠨ ᠤᠳᠠᠭ᠎ᠠ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ ᠂ ᠭᠤᠣᠯ ᠰᠡᠳᠦᠪᠲᠦ ᠬᠥᠮᠦᠵᠢᠯ ᠳᠤ ᠱᠠᠭᠠᠷᠳᠠᠯᠭ᠎ᠠ ᠳᠤᠷᠠᠳᠴᠤ ᠂ ᠠᠯᠢ ᠤᠯᠠᠨ ᠴᠢᠬᠤᠯᠠ ᠥᠭᠦᠯᠡᠯᠲᠡ ᠬᠢᠵᠦ ᠂ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠥᠷᠨᠢᠭᠦᠯᠬᠦ ᠳᠤ ᠴᠢᠭᠯᠡᠯ ᠢ ᠵᠢᠭᠠᠵᠤ ᠂ ᠴᠢᠬᠤᠯᠠ ᠵᠢᠷᠤᠮᠯᠠᠯ ᠬᠠᠩᠭᠠᠪᠠ ᠭᠡᠵᠦ ᠵᠢᠭᠠᠵᠤ ᠭᠠᠷᠭᠠᠪᠠ ᠃      ᠼᠠᠢ ᠴᠢ ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠨᠢ ᠰᠢᠨ᠎ᠡ ᠴᠠᠭ ᠦᠶ᠎ᠡ ᠳᠤ ᠨᠠᠮ ᠤᠨ ᠳᠣᠲᠣᠭᠠᠳᠤ ᠳᠤ ᠲᠥᠪᠯᠡᠷᠡᠩᠭᠦᠢ ᠬᠥᠮᠦᠵᠢᠯ ᠥᠷᠨᠢᠭᠦᠯᠬᠦ ᠳᠤ ᠰᠢᠨ᠎ᠡ ᠲᠤᠷᠰᠢᠯᠭ᠎ᠠ ᠬᠤᠷᠠᠮᠳᠤᠭᠤᠯᠵᠠᠢ ᠂ ᠭᠤᠣᠯᠳᠠᠭᠤ ᠄ ᠤᠨᠤᠯ ᠤᠨ ᠰᠤᠷᠤᠯᠴᠠᠯᠭ᠎ᠠ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠬᠤ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠬᠤ ᠂ ᠭᠤᠣᠯ ᠡᠭᠦᠷᠭᠡ ᠳᠤ ᠦᠢᠯᠡᠴᠢᠯᠡᠬᠦ ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠬᠦ ᠂ ᠳᠡᠭᠡᠷ᠎ᠡ ᠱᠠᠲᠤ ᠨᠢ ᠳᠣᠣᠷ᠎ᠠ ᠱᠠᠲᠤᠨ ᠳᠠᠭᠠᠨ ᠳᠠᠭᠤᠷᠢᠶᠠᠯ ᠪᠣᠯᠵᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠵᠡᠷᠭᠡ ᠶᠢ ᠪᠠᠭᠲᠠᠭᠠᠨ᠎ᠠ ᠂ ᠰᠠᠶᠢᠲᠤᠷ ᠳ᠋ᠦᠩᠨᠡᠵᠦ ᠂ ᠰᠠᠶᠢᠲᠤᠷ ᠬᠡᠷᠡᠭᠯᠡᠬᠦ ᠶᠢ ᠠᠩᠬᠠᠷᠬᠤ ᠬᠡᠷᠡᠭᠲᠡᠢ ᠭᠡᠵᠦ ᠴᠢᠬᠤᠯᠠᠴᠢᠯᠠᠪᠠ ᠃      ᠼᠠᠢ ᠴᠢ ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ ᠂ ᠡᠷᠡᠰ ᠭᠤᠶᠢᠪᠢᠰᠢ ᠦᠭᠡᠢ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠵᠤ ᠂ ᠨᠠᠮ ᠤᠨ ᠥᠪᠡᠷ ᠢ ᠪᠠᠨ ᠴᠡᠪᠡᠷᠰᠢᠭᠦᠯᠬᠦ ᠂ ᠥᠪᠡᠷ ᠢ ᠪᠠᠨ ᠲᠡᠭᠦᠯᠳᠡᠷᠵᠢᠭᠦᠯᠬᠦ ᠂ ᠥᠪᠡᠷ ᠢ ᠪᠠᠨ ᠰᠢᠨᠡᠴᠢᠯᠡᠬᠦ ᠂ ᠥᠪᠡᠷ ᠢ ᠪᠠᠨ ᠳᠡᠭᠡᠭᠰᠢᠯᠡᠭᠦᠯᠭᠦ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠃ ᠪᠦᠭᠦ ᠨᠠᠮ ᠤᠨ ᠪᠦᠯᠬᠦᠮᠳᠡᠯ ᠨᠢᠭᠡᠳᠦᠯ ᠤᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠰᠠᠶᠢᠲᠤᠷ ᠠᠳᠬᠤᠵᠤ ᠂ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷᠴᠤᠳ ᠤᠨ ᠮᠠᠷᠺᠰ ᠤᠨ ᠦᠵᠡᠯ ᠤᠨ ᠴᠢᠬᠤᠯᠠ ᠠᠭᠤᠯᠭ᠎ᠠ ᠶᠢ ᠦᠨᠡᠨ ᠬᠦ ᠰᠤᠷᠤᠯᠴᠠᠵᠤ ᠮᠡᠳᠡᠬᠦ ᠶᠢ ᠠᠬᠢᠭᠤᠯᠬᠤ ᠬᠡᠷᠡᠭᠲᠡᠢ ᠃ ᠪᠦᠭᠦ ᠨᠠᠮ ᠤᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ ᠂ ᠪᠦᠭᠦ ᠨᠠᠮ ᠤᠨ ᠤᠶᠤᠨ ᠤᠬᠠᠭᠠᠨ ᠪᠠ ᠬᠦᠴᠦᠨ ᠴᠢᠳᠠᠯ ᠢ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠳᠡᠭᠡᠷ᠎ᠡ ᠨᠢᠭᠲᠠᠷᠠᠭᠤᠯᠬᠤ ᠬᠡᠷᠡᠭᠲᠡᠢ ᠃ ᠰᠢᠨ᠎ᠡ ᠴᠠᠭ ᠦᠶ᠎ᠡ ᠶᠢᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ ᠂ ︽ ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ ︾ ᠲᠤᠷᠰᠢᠯᠭ᠎ᠠ ᠶᠢ ᠰᠠᠶᠢᠲᠤᠷ ᠬᠡᠷᠡᠭᠯᠡᠵᠦ ᠂ ᠮᠠᠨ ᠤ ᠨᠠᠮ ᠤᠨ ᠣᠯᠠᠨ ᠲᠦᠮᠡᠨ ᠲᠠᠢ ᠨᠢᠭᠲᠠ ᠬᠠᠷᠢᠯᠴᠠᠬᠤ ᠰᠢᠯᠢᠳᠡᠭ ᠰᠤᠷᠲᠠᠯ ᠢ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ ᠃ ᠨᠠᠮ ᠤᠨ ᠰᠠᠬᠢᠯᠭ᠎ᠠ ᠪᠠᠲᠤ ᠶᠢ ᠴᠢᠩᠳᠠᠯᠠᠵᠤ ᠂ ᠪᠦᠭᠦ ᠨᠠᠮ ᠤᠨ ᠳᠣᠲᠣᠷ᠎ᠠ ᠲᠥᠪᠯᠡᠷᠡᠩᠭᠦᠢ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠢ ᠥᠷᠨᠢᠭᠦᠯᠵᠦ ᠂ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷᠴᠤᠳ ᠤᠨ ᠤᠬᠠᠮᠰᠠᠷ ᠠᠴᠠ ᠪᠠᠨ ᠲᠡᠮᠦᠷ ᠮᠡᠲᠦ ᠰᠠᠬᠢᠯᠭ᠎ᠠ ᠪᠠᠲᠤ ᠶᠢ ᠡᠳᠦᠷ ᠲᠤᠳᠤᠮ ᠤᠨ ᠳᠠᠳᠬᠠᠯ ᠪᠠ ᠠᠵᠢᠯᠯᠠᠭᠠᠨ ᠤ ᠪᠠᠷᠢᠮᠵᠢᠶ᠎ᠠ ᠪᠤᠯᠭᠠᠬᠤ ᠶᠢ ᠠᠬᠢᠭᠤᠯᠬᠤ ᠬᠡᠷᠡᠭᠲᠡᠢ ᠃ ᠳᠦᠷᠢᠮ ᠢᠶᠠᠷ ᠨᠠᠮ ᠢ ᠵᠠᠰᠠᠬᠤ ᠂ ᠲᠣᠭᠲᠠᠭᠠᠯ ᠶᠣᠰᠣᠭᠠᠷ ᠨᠠᠮ ᠢ ᠵᠠᠰᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠰᠢ ᠎ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃      ᠯᠢ ᠭᠠᠨ ᠵᠢᠶᠧ ᠬᠤᠷᠠᠯ ᠢ ᠡᠷᠭᠢᠯᠡᠵᠦ ᠂ ᠯᠢ ᠱᠥ ᠯᠧᠢ ᠂ ᠵᠢᠶᠠᠩ ᠰᠢᠨ ᡁᠢ ᠪᠣᠯᠣᠨ ᠮᠢᠶᠣᠣ ᠬᠤᠸᠠ ᠬᠤᠷᠠᠯ ᠳᠤ ᠣᠷᠣᠯᠴᠠᠪᠠ ᠃      ᠲᠥᠪ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠵᠢᠴᠢ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ ᠂ ᠡᠯ᠎ᠡ ᠮᠤᠵᠢ ᠣᠷᠣᠨ ᠬᠤᠲᠠ ᠪᠣᠯᠣᠨ ᠳᠡᠳ᠋ ᠮᠤᠵᠢ ᠶᠢᠨ ᠲᠠᠰ ᠤᠨ ᠬᠤᠲᠠ ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠂ ᠡᠯ᠎ᠡ ᠠᠷᠠᠳ ᠤᠨ ᠪᠦᠯᠭᠦᠮ ᠂ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠂ ᠬᠡᠰᠡᠭ ᠠᠵᠤ ᠠᠬᠤᠶᠢᠯᠠᠯ ᠪᠣᠯᠣᠨ ᠶᠡᠭᠡ ᠳᠡᠭᠡᠳᠦ ᠰᠤᠷᠭᠠᠭᠤᠯᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠂ ᠲᠥᠪ ᠤᠨ ᠲᠣᠭᠤᠷᠢᠨ ᠵᠢᠯᠤᠭᠤᠳᠬᠤ ᠳᠤᠭᠤᠶᠢᠯᠠᠩ ᠪᠣᠯᠣᠨ ᠮᠤᠵᠢ ᠶᠢᠨ ᠲᠠᠰ ᠤᠨ ᠲᠣᠭᠤᠷᠢᠨ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠂ ᠳᠡᠳ᠋ ᠳᠠᠷᠤᠭ᠎ᠠ ᠨᠠᠷ ᠬᠤᠷᠠᠯ ᠳᠤ ᠣᠷᠣᠯᠴᠠᠪᠠ ᠃ ᠬᠤᠷᠠᠯ ᠨᠢ ᠲᠧᠯᠸᠢᠰ ᠤᠲᠠᠰᠤ ᠬᠤᠷᠠᠯ ᠤᠨ ᠭᠡᠯᠪᠡᠷᠢ ᠪᠠᠷ ᠬᠤᠷᠠᠯᠳᠤᠵᠤ ᠂ ᠡᠯ᠎ᠡ ᠮᠤᠵᠢ ᠣᠷᠣᠨ ᠬᠤᠳᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ ᠃      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠨᠢᠳᠤᠨᠤᠨ ᠤ 4 ᠰᠠᠷ᠎ᠠ ᠠᠴᠠ ᠡᠬᠢᠯᠡᠭᠦᠯᠦᠨ ᠂ ᠳᠡᠭᠡᠷ᠎ᠡ ᠠᠴᠠ ᠳᠣᠷᠣᠭᠰᠢ ᠬᠤᠶᠠᠷ ᠪᠦᠯᠦᠭ ᠬᠤᠪᠢᠶᠠᠨ ᠶᠠᠪᠤᠭᠳᠠᠭᠤᠯᠵᠤ ᠂ ᠣᠳᠣᠬᠠᠨ ᠳᠤ ᠦᠨᠳᠦᠰᠦᠨ ᠳᠡᠭᠡᠨ ᠳᠠᠭᠤᠰᠴᠠᠢ ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1