ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ 15 ᠵᠦᠢᠯ ᠤᠨ ᠠᠷᠭ᠎ᠠ ᠬᠡᠮᠵᠢᠶ᠎ᠡ ᠪᠠᠷ ᠥᠪᠥᠷ ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠪᠡ
ᠨᠡᠶᠢᠲᠡᠯᠡᠭᠰᠡᠨ ᠴᠠᠭ᠄
2024/2/8
    ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ︽ᠥᠪᠥᠷ ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠪᠠ︶᠎ ᠢ ᠳᠠᠷᠤᠮᠠᠯᠯᠠᠨ ᠲᠠᠷᠬᠠᠭᠠᠵᠤ᠂ ᠲᠥᠷᠥ ᠶᠢᠨ ᠪᠣᠳᠣᠯᠭ᠎ᠠ᠂ ᠲᠥᠰᠥᠯ᠂ ᠣᠶᠤᠨ ᠤ ᠲᠠᠯ᠎ᠠ ᠪᠠᠷ ᠥᠪᠥᠷ ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ ᠳᠡᠮᠵᠢᠪᠡ᠃    ︽ᠬᠡᠷᠡᠭᠵᠢᠭᠦᠯᠬᠦ ᠲᠥᠰᠥᠯ︾ ᠪᠣᠯ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠥᠪᠥᠷ ᠮᠣᠩᠭᠤᠯ ᠤᠨ ᠪᠣᠳᠠᠲᠤ ᠪᠠᠶᠢᠳᠠᠯ ᠪᠠ ᠬᠥᠭᠵᠢᠯᠲᠡ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠥᠪᠥᠷ ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠡᠮᠵᠢᠬᠦ ᠶᠢᠨ ᠲᠥᠯᠥᠭᠡ ᠲᠣᠭᠲᠠᠭᠠᠭᠰᠠᠨ ᠪᠥᠬᠦ ᠲᠠᠯ᠎ᠠ ᠶᠢᠨ ᠢᠵᠢ ᠪᠦᠷᠢᠳᠦᠭᠰᠡᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠣᠯᠣᠨ᠎ᠠ᠃    ︽ᠬᠡᠷᠡᠭᠵᠢᠭᠦᠯᠬᠦ ᠲᠥᠰᠥᠯ︾᠎ ᠨᠢ ︽ᠳᠤᠯᠠᠭᠠᠯᠠᠭ᠎ᠠ ᠶᠢᠨ ᠢᠨᠵᠧᠨᠧᠷᠢᠩ︾ ᠪᠠ ᠭᠤᠣᠯᠳᠠᠯᠭ᠎ᠠ ᠲᠠᠢ ᠭᠠᠵᠠᠷ ᠣᠷᠣᠨ ᠤ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ᠂ ᠣᠶᠤᠨᠴᠢ ᠪᠠᠷ ᠢᠯᠴᠢ ᠬᠠᠩᠭᠠᠬᠤ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠵᠢᠯ ᠢ ᠥᠷᠨᠢᠭᠦᠯᠬᠦ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠯᠵᠢᠭᠦᠯᠦᠨ ᠵᠥᠭᠡᠭᠡᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ᠂ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ᠂ ᠬᠤᠲᠠ ᠪᠠᠯᠭᠠᠰᠤᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ᠂ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠬᠦ᠂ ᠴᠢᠨᠠᠷ ᠰᠠᠶᠢᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠬᠤ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠤᠲᠠ ᠪᠠᠯᠭᠠᠰᠤᠨ ᠤ ᠬᠠᠭᠤᠴᠢᠨ ᠵᠢᠵᠢᠭ ᠬᠤᠷᠢᠶᠠᠯᠠᠯ ᠤᠨ ᠥᠭᠡᠷᠡᠴᠢᠯᠡᠯᠲᠡ ᠶᠢ ᠶᠡᠭᠡ ᠪᠠᠷ ᠥᠷᠨᠢᠭᠦᠯᠬᠦ᠂ ᠬᠤᠲᠠ ᠶᠢᠨ ᠰᠢᠲᠠᠮᠠᠬᠠᠢ ᠬᠡᠢ ᠶᠢᠨ ᠬᠤᠭᠤᠯᠠᠢ ᠵᠡᠷᠭᠡ ᠬᠠᠭᠤᠴᠢᠷᠠᠭᠰᠠᠨ ᠢ ᠰᠢᠨᠡᠳᠬᠡᠨ ᠥᠭᠡᠷᠡᠴᠢᠯᠡᠬᠦ ᠶᠢ ᠲᠦᠷᠭᠡᠳᠬᠡᠨ ᠠᠬᠢᠭᠤᠯᠬᠤ᠂ ᠬᠤᠳᠠ ᠶᠢᠨ ᠰᠠᠭᠤᠷᠢ ᠪᠡᠯᠡᠳᠬᠡᠮᠵᠢ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠬᠤ᠂ ᠬᠤᠳᠠ ᠶᠢᠨ ᠤᠰᠤ ᠭᠠᠳᠠᠭᠰᠢᠯᠠᠭᠤᠯᠵᠤ ᠤᠰᠤᠲᠤᠯ ᠢ ᠰᠡᠷᠭᠡᠶᠢᠯᠡᠬᠦ ᠢᠨᠵᠧᠨᠧᠷᠢᠩ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ᠂ ᠪᠦᠬᠦ ᠣᠷᠣᠨ ᠪᠦᠰᠡ ᠶᠢᠨ ᠬᠠᠶᠢᠮᠢᠶᠠᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠰᠢᠰᠲ᠋ᠧᠮᠵᠢᠭᠦᠯᠦᠨ ᠠᠬᠢᠭᠤᠯᠬᠤ᠂ ᠪᠠᠷᠢᠮᠵᠢᠶᠠᠵᠢᠭᠤᠯᠬᠤ ᠠᠵᠢᠯ ᠤᠨ ᠲᠦᠪᠰᠢᠨ ᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ᠂ ᠪᠠᠷᠢᠯᠭ᠎ᠠ ᠶᠢᠨ ᠦᠢᠯᠡᠰ ᠤᠨ ︽ᠴᠢᠭᠢᠷᠠᠭᠵᠢᠬᠤ︾᠎ ᠶᠢ ᠠᠬᠢᠭᠤᠯᠬᠤ ᠵᠡᠷᠭᠡ 15 ᠲᠠᠯ᠎ᠠ ᠪᠠᠷ ᠪᠣᠳᠠᠲᠠᠢ ᠳᠡᠮᠵᠢᠬᠦ ᠠᠷᠭ᠎ᠠ ᠬᠡᠮᠵᠢᠶ᠎ᠡ ᠣᠯᠭᠤᠵᠤ᠂ ᠪᠣᠳᠠᠲᠠᠢ ᠡᠭᠦᠷᠭᠡ ᠶᠢ ᠵᠦᠢᠯ ᠳᠠᠷᠠᠭᠠᠯᠠᠨ ᠲᠣᠳᠣᠷᠬᠠᠶᠢᠯᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠪᠠᠶᠢᠭᠤᠯᠭ᠎ᠠ ᠶᠢᠨ ᠡᠯ᠎ᠡ ᠨᠢᠭᠡᠴᠢ᠂ ᠰᠢᠭᠤᠳ ᠬᠠᠷᠢᠶ᠎ᠠ ᠡᠯ᠎ᠡ ᠨᠢᠭᠡᠴᠢ ᠳᠤ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠡᠯ᠎ᠡ ᠵᠦᠢᠯ ᠤᠨ ᠳᠡᠮᠵᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠳᠡᠮᠵᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠡᠨᠡ ᠬᠦ ᠲᠣᠬᠢᠶᠠᠯ ᠢ ᠴᠢᠩᠭ᠎ᠠ ᠠᠳᠬᠤᠵᠤ᠂ ᠨᠡᠪᠲᠡᠷᠡᠯᠴᠡᠨ ᠵᠣᠯᠭᠠᠭᠤᠯᠬᠤ ᠶᠢ ᠰᠠᠨᠠᠭᠠᠴᠢᠯᠠᠭ᠎ᠠ ᠠᠴᠠ ᠪᠠᠨ ᠬᠢᠨᠠᠮᠠᠭᠠᠢ ᠰᠠᠶᠢᠲᠤᠷ ᠬᠢᠵᠦ᠂ ᠠᠵᠢᠯ ᠤᠨ ᠲᠥᠰᠥᠯ ᠲᠣᠭᠲᠠᠭᠠᠨ᠂ ᠠᠵᠢᠯ ᠤᠨ ᠠᠷᠭ᠎ᠠ ᠪᠠᠷᠢᠯ ᠢᠶᠠᠨ ᠨᠠᠷᠢᠯᠢᠭᠵᠢᠭᠤᠯᠵᠤ᠂ ︽ᠬᠡᠷᠡᠭᠵᠢᠭᠦᠯᠬᠦ ᠲᠥᠰᠥᠯ︾᠎ ᠳᠤ ᠲᠣᠭᠲᠠᠭᠠᠭᠰᠠᠨ ᠵᠦᠢᠯᠡᠰ ᠢ ᠳᠠᠷᠠᠭᠠᠯᠠᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠴᠦ ᠪᠠᠨ ᠨᠡᠮᠡᠷᠢᠯᠡᠬᠦ ᠪᠠᠷ ᠴᠢᠷᠮᠠᠶᠢᠨ᠎ᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1