ᠼᠤᠤ ᡁᠢ ᠶᠦᠩ ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ 91 ᠳ᠋ᠣᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/1
   
1_副本.jpg
       2 ᠰᠠᠷ᠎ᠠ ᠶᠢᠨ 26᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ 91 ᠳ᠋ᠣᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠯᠢᠦ ᠬᠠᠢ ᠬᠠᠢ᠂ ᠵᠢᠶᠣᠣ ᠴᠢᠩ ᠳ᠋ᠦᠩ᠂ ᠵᠣ᠋ ᠾᠥᠩ ᠲᠦ᠋᠂ ᠸᠠᠩ ᠶᠠᠨ ᠪᠥᠸᠧ᠂ ᠯᠤᠸᠠᠨ ᠶᠦᠨ ᠾᠧ᠂ ᠯᠢ ᡁᠢ ᠭᠠᠩ᠂ ᠵᠠᠩ ᠯᠢ ᠲᠤᠸ ᠬᠤᠷᠠᠯ ᠳᠤ ᠣᠷᠤᠯᠴᠠᠪᠠ᠃ ᠲᠣᠭᠤᠷᠢᠭ ᠤᠨ ᠤᠳᠤᠷᠢᠳᠤᠯᠭ᠎ᠠ ᠯᠢ ᠺᠠᠢ ᠂ ᠸᠠᠩ ᠵᠧᠨ ᠯᠢᠶᠠᠩ ᠂ ᠯᠢ ᠽᠥᠩ ᠮᠧᠩ᠂ ᠳ᠋ᠢᠩ ᠰᠢᠶᠣᠣ ᠢᠦᠢ ᠵᠢᠴᠢ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ ᠃    ᠬᠤᠷᠠᠯ ᠠᠴᠠ ︽ ᠶᠤᠸᠠᠨ ᠪᠦᠦ ᠱᠠᠨ ᠲᠣᠭᠤᠷᠢᠭ ᠤᠨ 2024 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠡᠷᠡᠭᠵᠢᠭᠦᠯᠬᠦ ᠲᠥᠰᠥᠯ ︵ ᠬᠦᠷᠭᠡᠵᠦ ᠬᠢᠨᠠᠭᠤᠯᠬᠤ ᠨᠣᠣᠷᠠᠭ ︶ ︾᠎ ᠢ ᠬᠢᠨᠠᠨ ᠵᠥᠪᠯᠡᠪᠡ ︔ 2023 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠡᠷᠢᠭᠦᠨ ᠤ ᠨᠢᠭᠡᠴᠢ ᠵᠢᠴᠢ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠱᠠᠩᠨᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ︽ ᠶᠤᠸᠠᠨ ᠪᠦᠦ ᠱᠠᠨ ᠲᠣᠭᠤᠷᠢᠭ ᠤᠨ 2024 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠡᠷᠡᠭᠵᠢᠭᠦᠯᠬᠦ ᠲᠥᠰᠥᠯ ︾᠎ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ ᠂ ᠭᠤᠣᠯ ᠰᠢᠪᠲᠤᠯᠬᠤ ᠴᠢᠭᠯᠡᠯ ᠢᠶᠠᠨ ᠲᠣᠳᠣᠷᠬᠠᠶᠢᠯᠠᠵᠤ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠂ ᠡᠨᠡ ᠵᠢᠯ ᠤᠨ ᠨᠠᠷᠢᠨ ᠬᠤᠪᠢᠶᠠᠭᠰᠠᠨ ᠤ ᠳᠠᠷᠠᠭᠠᠬᠢ ᠠᠵᠤ ᠦᠢᠯᠡᠰ ᠤᠨ ᠬᠡᠯᠬᠢᠶᠡᠨ ᠤ ᠵᠢᠷᠤᠭ ᠢ ᠣᠨᠣᠪᠴᠢᠲᠠᠢ ᠢᠯᠭᠠᠨ ᠲᠠᠨᠢᠵᠤ ᠂ ᠨᠠᠷᠢᠨ ᠪᠣᠳᠠᠲᠠᠢ ᠲᠥᠯᠥᠪᠯᠡᠭᠡ ᠭᠠᠷᠭᠠᠵᠤ ᠂ ᠳᠣᠲᠣᠷ᠎ᠠ ᠪᠠᠨ ᠲᠤᠭ᠎ᠠ ᠲᠠᠢ ᠪᠠᠶᠢᠵᠤ ᠂ ᠬᠠᠷᠠᠯᠲᠠ ᠲᠠᠢ ᠪᠠᠷ ᠰᠤᠮᠤ ᠬᠠᠷᠪᠤᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1