ᠶᠤᠸᠠᠨ ᠪᠦᠦ ᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠵᠢᠷᠤᠮ ᠤᠨ ᠲᠤᠰᠬᠠᠢ ᠰᠡᠳᠦᠪᠲᠦ ᠪᠣᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/3/1
    ᠣᠶᠢᠷ᠎ᠠ ᠳᠤ ᠂ ᠶᠤᠸᠠᠨ ᠪᠦᠦ ᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠵᠢᠷᠤᠮ ᠤᠨ ᠲᠤᠰᠬᠠᠢ ᠰᠡᠳᠦᠪᠲᠦ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠴᠢᠨᠠᠷ ᠴᠢᠨᠰᠠᠭ᠎ᠠ ᠪᠠ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠪᠦᠬᠦ ᠲᠣᠪᠴᠢᠶᠠᠨ ᠤ ᠬᠥᠮᠥᠰ ᠪᠣᠯᠪᠠᠰᠤᠷᠠᠯ ᠳᠤ ᠣᠷᠤᠯᠴᠠᠪᠠ᠃
1_副本.jpg
       ᠲᠤᠰ ᠤᠳᠠᠭᠠᠨ ᠤ ᠪᠣᠯᠪᠠᠰᠤᠷᠠᠯ ᠎ ᠨᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠡᠷᠡᠭ ᠢ ᠰᠢᠢᠳᠪᠦᠷᠢᠯᠡᠬᠦ ᠵᠢᠷᠤᠮ ᠢᠶᠠᠷ ᠭᠤᠣᠯ ᠰᠢᠵᠢᠮ ᠪᠣᠯᠭᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾ ᠂ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠵᠢᠷᠤᠮ ᠤᠨ ᠲᠣᠭᠲᠠᠭᠠᠯ︾ ᠵᠢᠴᠢ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠤᠨ ᠵᠢᠭᠠᠯᠲᠠ︾᠎ ᠶᠢᠨ ᠲᠣᠭᠲᠠᠭᠠᠯ ᠲᠠᠢ ᠤᠶᠠᠯᠳᠤᠭᠤᠯᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠥᠬᠦᠮ ᠵᠢᠷᠤᠮ᠂ ᠡᠩ ᠤᠨ ᠵᠢᠷᠤᠮ᠂ ᠭᠡᠷᠡᠴᠢᠯᠡᠭᠡ ᠰᠣᠨᠣᠰᠬᠤ ᠵᠢᠷᠤᠮ ᠵᠢᠴᠢ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢ ᠬᠦᠷᠭᠡᠬᠦ ᠠᠷᠭ᠎ᠠ ᠮᠠᠶ᠋ᠢᠭ ᠢ ᠭᠤᠣᠯᠳᠠᠯᠭ᠎ᠠ ᠲᠠᠢ ᠲᠠᠶᠢᠯᠪᠤᠷᠢᠯᠠᠬᠤ ᠶᠢᠨ ᠬᠠᠮᠲᠤ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠶᠠᠪᠤᠴᠠ ᠳᠤ ᠦᠷᠭᠦᠯᠵᠢ ᠲᠣᠬᠢᠶᠠᠯᠳᠤᠳᠠᠭ ᠬᠦᠴᠢᠷ ᠲᠦᠪᠡᠭᠲᠡᠢ ᠠᠰᠠᠭᠤᠳᠠᠯ ᠳᠤ ᠬᠠᠷᠢᠭᠤᠯᠲᠠ ᠥᠭᠪᠡ᠃ ᠪᠣᠯᠪᠠᠰᠤᠷᠠᠯ ᠤᠨ ᠳᠤᠮᠳᠠ ᠪᠣᠯᠪᠠᠰᠤᠷᠠᠯ ᠳᠤ ᠣᠷᠣᠯᠴᠠᠭᠰᠠᠳ ᠨᠠᠷᠢᠨ ᠬᠢᠨᠠᠮᠠᠭᠠᠢ ᠰᠣᠨᠣᠰᠴᠤ᠂ ᠰᠤᠷᠤᠯᠴᠠᠯᠭ᠎ᠠ ᠶᠢᠨ ᠠᠭᠤᠷ ᠠᠮᠢᠰᠬᠤᠯ ᠰᠠᠶᠢᠨ᠃
2_副本.jpg
       ᠲᠣᠰ ᠤᠳᠠᠭᠠᠨ ᠤ ᠲᠤᠰᠬᠠᠢ ᠰᠡᠳᠦᠪᠲᠦ ᠪᠣᠯᠪᠠᠰᠤᠷᠠᠯ ᠢᠶᠠᠷ ᠳᠡᠮᠵᠢᠨ᠂ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠵᠢᠷᠤᠮ ᠤᠨ ᠬᠠᠤᠯᠢ ᠶᠣᠰᠣᠴᠢ ᠴᠢᠨᠠᠷ ᠤᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠴᠢᠩᠭ᠎ᠠ ᠵᠢᠷᠤᠮᠵᠢᠭᠤᠨ ᠲᠥᠪ ᠭᠤᠥᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠤᠬᠠᠮᠰᠠᠷ ᠢ ᠳᠡᠭᠡᠭᠰᠢᠯᠡᠭᠦᠯᠪᠡ ᠃ ᠲᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠳᠠᠯ ᠢ ᠴᠠᠭ ᠲᠤᠬᠠᠢ ᠎ ᠳᠤᠨᠢ ᠣᠶᠢᠯᠠᠭᠠᠵᠤ ᠂ ᠳᠤᠲᠠᠭᠳᠠᠯ ᠢᠶᠠᠨ ᠪᠠᠶᠢᠴᠠᠭᠠᠨ ᠨᠥᠬᠦᠪᠦᠷᠢᠯᠡᠵᠦ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1