ᠶᠤᠸᠠᠨ ᠪᠦᠦ ᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ︽ᠬᠠᠶᠢᠷ᠎ᠠ ᠰᠢᠩᠭᠡᠭᠰᠡᠨ ᠪᠠᠩᠰᠢ ᠶᠢᠨ ᠰᠠᠶᠢᠬᠠᠨ ᠥᠨᠥᠷ ᠬᠥᠮᠥᠰ ᠤᠨ ᠰᠡᠳᠬᠢᠯ ᠢ ᠪᠠᠶᠠᠰᠬᠠᠨ᠎ᠠ︾ ᠭᠡᠬᠦ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/3/11
    3 ᠰᠠᠷ᠎ᠠ ᠶᠢᠨ 5᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠪᠣᠯᠪᠠᠰᠤᠨ ᠤ ᠦᠢᠯᠡᠳᠦᠯᠭᠡ ᠎ ᠶᠢᠨ ᠬᠥᠳᠡᠯᠭᠡᠭᠡᠨ ᠤ ᠥᠷᠲᠡᠭᠡᠨ ᠤ ᠰᠠᠶᠢᠨ ᠳᠤᠷ᠎ᠠ ᠶᠢᠨ ᠦᠢᠯᠡᠴᠢᠯᠡᠭᠴᠢᠳ ᠶᠤᠸᠠᠨ ᠪᠦᠦ ᠱᠠᠨ ᠲᠣᠭᠤᠷᠢᠭ ᠤᠨ ᠨᠠᠰᠤᠲᠠᠨ ᠢ ᠠᠰᠠᠷᠠᠬᠤ ᠬᠦᠷᠢᠶᠡᠯᠡᠩ ᠳᠤ ᠡᠷᠲᠡᠯᠡᠨ ᠬᠦᠷᠴᠦ᠂ ᠠᠳᠡᠬᠢ ᠨᠠᠰᠤᠲᠠᠶᠢᠴᠤᠳ ᠎ ᠢ ᠡᠷᠭᠢᠨ ᠦᠵᠡᠵᠦ᠂ ︽ ᠬᠠᠶᠢᠷ᠎ᠠ ᠰᠢᠩᠭᠡᠭᠰᠡᠨ ᠪᠠᠩᠰᠢ ᠶᠢᠨ ᠰᠠᠶᠢᠬᠠᠨ ᠥᠨᠥᠷ ᠬᠥᠮᠥᠰ ᠤᠨ ᠰᠡᠳᠬᠢᠯ ᠢ ᠪᠠᠶᠠᠰᠬᠠᠨ᠎ᠠ︾ ᠭᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠳᠡᠯᠭᠡᠭᠡᠨ ᠥᠷᠨᠢᠭᠦᠯᠪᠡ᠃
1_副本.jpg
       ᠬᠥᠳᠡᠯᠭᠡᠭᠡᠨ ᠤ ᠲᠤᠬᠠᠢ ᠶᠢᠨ ᠲᠠᠯᠠᠪᠠᠢ ᠳᠤ ᠂ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠪᠠᠩᠰᠢ ᠪᠠᠷᠢᠬᠤ ᠶᠢᠨ ᠳᠠᠭᠠᠤ ᠨᠠᠰᠤᠲᠠᠶᠢᠴᠤᠳ ᠲᠠᠢ ᠵᠣᠭᠤᠭᠳᠠᠵᠤ ᠂ ᠱᠤᠭ ᠶᠠᠷᠢᠶ᠎ᠠ ᠶᠠᠷᠢᠵᠤ ᠂ ᠲᠤᠬᠠᠢ ᠶᠢᠨ ᠲᠠᠯᠠᠪᠠᠢ ᠳᠤ ︽ ᠭᠡᠷ ︾᠎ ᠤᠨ ᠠᠭᠤᠷ ᠠᠮᠢᠰᠬᠤᠯ ᠪᠢᠯᠬᠠᠵᠤ ᠂ ᠨᠠᠰᠤᠲᠠᠶᠢᠴᠤᠳ ᠤᠨ ᠴᠢᠷᠠᠢ ᠳᠤ ᠵᠣᠯ ᠵᠢᠷᠭᠠᠯᠲᠤ ᠢᠨᠢᠶᠡᠳᠦ ᠲᠣᠳᠤᠷᠠᠨ᠎ᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠪᠠᠩᠰᠢ ᠪᠠᠷᠢᠵᠤ ᠪᠠᠷᠠᠭᠰᠠᠨ ᠤ ᠲᠠᠷᠠᠭ᠎ᠠ ᠪᠠᠰᠠ ︽ ᠪᠠᠩᠰᠢ ᠬᠦᠷᠭᠡᠵᠦ ᠂ ᠬᠥᠮᠥᠨ ᠤ ᠰᠡᠳᠬᠢᠯ ᠢ ᠪᠠᠶᠠᠰᠬᠠᠬᠤ︾ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ ᠂ ᠬᠠᠯᠠᠭᠤᠨ ᠠᠭᠤᠷ ᠰᠠᠪᠰᠠᠭᠰᠠᠨ᠂ ᠢᠷᠦᠭᠡᠯ ᠪᠠ ᠬᠠᠶᠢᠷ᠎ᠠ ᠬᠠᠯᠠᠮᠵᠢ ᠰᠢᠩᠭᠡᠭᠰᠡᠨ ᠪᠠᠩᠰᠢ ᠶᠢ ᠨᠠᠰᠤᠲᠠᠶᠢᠴᠤᠳ ᠎ ᠲᠤ ᠬᠦᠷᠭᠡᠬᠦ ᠶᠢᠨ ᠬᠠᠮᠲᠤ ᠲᠡᠳᠡᠨ ᠤ ᠪᠡᠶ᠎ᠡ ᠶᠢᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠨᠢ ᠠᠰᠠᠭᠤᠨ ᠯᠠᠪᠯᠠᠵᠤ ᠂ ᠭᠦᠨ ᠵᠤᠵᠠᠭᠠᠨ ᠬᠠᠯᠠᠮᠵᠢ ᠶᠢᠨ ᠰᠡᠳᠬᠢᠯᠭᠡ ᠪᠠᠩᠰᠢ ᠶᠢᠨ ᠬᠠᠯᠠᠭᠤᠨ ᠠᠭᠤᠷ ᠢ ᠎ ᠲᠠᠭᠠᠨ ᠨᠠᠰᠤᠲᠠᠶᠢᠴᠤᠳ ᠤᠨ ᠰᠡᠳᠬᠢᠯ ᠳᠤ ᠬᠥᠷᠥᠨ᠎ᠡ᠃    ᠲᠣᠰ ᠤᠳᠠᠭᠠᠨ ᠤ ᠬᠥᠳᠡᠯᠭᠡᠭᠡᠨ ᠨᠢ ︽ ᠨᠠᠰᠤᠲᠠᠶᠢᠴᠤᠳ ᠢ ᠬᠦᠨᠳᠦᠯᠡᠵᠦ᠂ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ︾ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠭᠰᠠᠨ ᠢᠶᠠᠷ ᠪᠠᠷᠠᠬᠤ ᠦᠭᠡᠢ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠂ ᠠᠵᠢᠯᠲᠠᠨ ᠠᠵᠢᠯᠴᠢᠨ ᠤ ᠭᠡᠷ ᠪᠦᠯᠢ ᠶᠢᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢᠨ ᠰᠣᠯᠢᠯᠴᠠᠭ᠎ᠠ ᠶᠢ ᠤᠯᠠᠮ ᠨᠡᠮᠡᠭᠳᠡᠭᠦᠯᠦᠭᠰᠡᠨ ᠪᠠᠶᠢᠨ᠎ᠠ᠃ ᠵᠠᠯᠭᠠᠭᠠᠳ᠂ ᠶᠤᠸᠠᠨ ᠪᠦᠦ ᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠦᠷᠭᠦᠯᠵᠢᠯᠡᠨ ᠣᠯᠠᠨ ᠶᠠᠩᠵᠤ ᠬᠡᠯᠪᠡᠷᠢ ᠶᠢᠨ ᠬᠥᠳᠡᠯᠭᠡᠭᠡᠨ ᠥᠷᠨᠢᠭᠦᠯᠵᠦ᠂ ᠬᠠᠯᠠᠭᠤᠨ ᠳᠤᠯᠠᠭᠠᠨ ᠬᠠᠶᠢᠷ᠎ᠠ ᠬᠠᠯᠠᠮᠵᠢ ᠶᠢ ᠠᠵᠢᠯᠲᠠᠨ ᠠᠵᠢᠯᠴᠢᠳ ᠤᠨ ᠳᠡᠷᠭᠡᠳᠡ ᠬᠦᠷᠭᠡᠵᠦ᠂ ᠠᠵᠢᠯᠲᠠᠨ ᠠᠵᠢᠯᠴᠢᠳ ᠤᠨ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1