ᠶᠤᠸᠠᠨ ᠪᠦᠦ ᠱᠠᠨ ᠲᠣᠭᠤᠷᠢᠭ ᠲᠥᠬᠦᠭᠡᠷᠦᠮᠵᠢᠲᠦ ᠲᠠᠷᠢᠶᠠᠯᠠᠩ ᠤᠨ ᠲᠤᠰᠬᠠᠢ ᠰᠡᠳᠦᠪᠲᠦ ᠪᠣᠯᠪᠠᠰᠤᠷᠠᠯ ᠤᠨ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/3/11
   
1_副本.jpg
       ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠢᠬᠦ ᠴᠠᠭ ᠬᠦᠷᠴᠦ ᠢᠷᠡᠯ᠎ᠡ᠂ 3 ᠰᠠᠷ᠎ᠠ ᠶᠢᠨ 7 ᠎ ᠤ ᠡᠳᠦᠷ ᠂ ᠶᠤᠸᠠᠨ ᠪᠦᠦ ᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ  ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠲᠦᠷᠦᠯ ᠵᠦᠢᠯ ᠳᠤ ᠲᠦᠰᠢᠭᠯᠡᠨ ᠂ ︽ ᠵᠠᠩᠭᠢᠯᠠᠭ᠎ᠠ ᠶᠢ ᠲᠤᠪᠤᠶᠢᠯᠭᠠᠵᠦ ᠂ ᠬᠦᠴᠦᠨ ᠢᠶᠠᠨ ᠲᠥᠪᠯᠡᠷᠡᠭᠦᠯᠵᠦ ᠂ ᠬᠠᠮᠵᠢᠯᠴᠠᠨ ᠴᠢᠷᠮᠠᠶᠢᠬᠤ︾ ᠰᠡᠳᠬᠢᠴᠡ ᠶᠣᠰᠣᠭᠠᠷ ᠂ ᠲᠥᠬᠦᠭᠡᠷᠦᠮᠵᠢᠲᠦ ᠲᠠᠷᠢᠶᠠᠯᠠᠩ ᠤᠨ ᠲᠤᠰᠬᠠᠢ ᠰᠡᠳᠦᠪᠲᠦ ᠪᠣᠯᠪᠠᠰᠤᠷᠠᠯ ᠤᠨ ᠬᠥᠳᠡᠯᠭᠡᠭᠡᠨ ᠥᠷᠨᠢᠭᠦᠯᠵᠡᠢ ᠃ ᠪᠥᠬᠦ ᠲᠣᠭᠤᠷᠢᠭ ᠤᠨ ᠡᠯ᠎ᠡ ᠪᠠᠯᠭᠠᠰᠤ ᠰᠢᠶᠠᠩ ᠤᠨ ᠲᠤᠰᠬᠠᠢ ᠠᠵᠢᠯ ᠤᠨ ᠬᠤᠷᠰᠢᠶ᠎ᠠ᠂ ᠲᠠᠷᠢᠮᠠᠯ ᠤᠨ ᠲᠣᠮᠣ ᠡᠷᠦᠬᠡ ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠵᠡᠷᠭᠡ 130 ᠭᠠᠷᠤᠢ ᠬᠥᠮᠥᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠵᠠᠢ᠃
2_副本.jpg
       ᠲᠣᠰ ᠤᠳᠠᠭᠠᠨ ᠤ ᠪᠣᠯᠪᠠᠰᠤᠷᠠᠯ ᠳᠤ ᠲᠠᠶᠢᠯᠤᠮᠵᠢ ᠬᠢᠬᠦ ᠬᠡᠯᠪᠡᠷᠢ ᠶᠢ ᠠᠪᠴᠤ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠠᠵᠤ ᠠᠬᠤᠢ ᠶᠢᠨ ᠰᠠᠯᠠᠭᠠᠨ ᠤ ᠰᠠᠯᠠᠭᠠᠨ ᠳᠠᠷᠤᠭ᠎ᠠ ᠯᠢᠦ ᠵᠢᠩ ᠰᠢᠸ᠂ ᠤᠷᠭᠤᠮᠠᠯ ᠤᠨ ᠬᠠᠮᠠᠭᠠᠯᠠᠯᠲᠠ ᠶᠢᠨ ᠰᠠᠯᠠᠭᠠᠨ ᠤ ᠯᠢᠦ ᠳ᠋ᠠᠨ ᠵᠣ᠋ ᠶᠢ ᠤᠷᠢᠵᠤ ᠲᠠᠷᠢᠮᠠᠯ ᠤᠨ ᠡᠷᠦᠬᠡ ᠳᠤ ᠲᠥᠪᠡᠳ ᠬᠠᠰᠢ ᠶᠢᠨ ᠳᠠᠯᠳᠠ ᠨᠠᠪᠴᠢᠨ ᠡᠷᠪᠡᠬᠡᠢ ᠶᠢᠨ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ ᠢ ᠵᠢᠯᠣᠭᠤᠳᠤᠨ ᠪᠣᠯᠪᠠᠰᠤᠷᠠᠭᠤᠯᠵᠤ᠂ ᠤᠯᠠᠭᠠᠨᠬᠠᠳᠠ ᠬᠤᠲᠠ ᠶᠢᠨ ᠪᠡᠯᠡᠳᠬᠡᠮᠵᠢᠲᠦ ᠲᠠᠷᠢᠮᠠᠯ ᠤᠨ ᠦᠢᠯᠡᠰ ᠤᠨ ᠣᠳᠣᠬᠢ ᠪᠠᠶᠢᠳᠠᠯ ᠪᠠ ᠪᠠᠷᠠᠯᠠᠯ ᠤᠨ ᠲᠤᠬᠠᠢ ᠶᠠᠷᠢᠵᠠᠢ᠃ ᠲᠠᠷᠢᠮᠠᠯ ᠤᠨ ᠡᠷᠦᠬᠡ ᠎ ᠨᠦᠭᠦᠳ ᠪᠥᠷ ᠡᠨᠡ ᠤᠳᠠᠭ᠎ᠠ ᠵᠥᠭᠡᠷ ᠢᠷᠡᠭᠰᠡᠨ ᠥᠭᠡᠢ᠂ ᠮᠠᠰᠢ ᠣᠯᠠᠨ ᠮᠠᠳᠠᠭ ᠲᠠᠢ ᠠᠰᠠᠭᠤᠳᠠᠯ ᠳᠤ ᠴᠥᠮ ᠬᠠᠷᠢᠭᠤᠯᠲᠠ ᠣᠯᠵᠤ᠂ ᠮᠠᠨ ᠤ ᠬᠤᠲᠠ ᠶᠢᠨ ᠲᠠᠷᠢᠮᠠᠯ ᠤᠨ ᠵᠠᠭᠪᠤᠷ ᠤᠨ ᠲᠤᠬᠠᠢ ᠴᠤ ᠭᠦᠨᠵᠡᠭᠡᠢ ᠣᠶᠢᠯᠠᠭᠠᠯᠲᠠ ᠲᠠᠢ ᠪᠣᠯᠵᠠᠢ ᠭᠡᠵᠦ ᠢᠯᠡᠳᠬᠡᠵᠡᠭᠡᠪᠡ᠃    ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠪᠠᠰᠠ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠮᠤᠷ ᠲᠦᠪᠰᠢᠨ ᠤ ᠬᠠᠩᠭᠠᠯᠭ᠎ᠠ ᠶᠢ ᠪᠠᠲᠤᠯᠠᠬᠤ ᠪᠠᠷ ᠭᠤᠣᠯ ᠪᠣᠯᠭᠠᠵᠤ᠂ ᠭᠤᠣᠯ ᠪᠣᠯᠬᠤ ᠠᠮᠤ ᠲᠣᠰᠣᠨ ᠤ ᠲᠠᠷᠢᠮᠠᠯ ᠤᠨ ᠨᠢᠭᠡᠴᠢ ᠲᠠᠯᠠᠪᠠᠶ ᠎ ᠶᠢᠨ ᠤᠨᠠᠯᠲᠠ ᠶᠢ ᠳᠡᠭᠡᠭᠰᠢᠯᠡᠭᠦᠯᠬᠦ ᠶᠢ ᠲᠣᠪᠣᠶᠢᠮ᠎ᠠ ᠰᠠᠶᠢᠲᠤᠷ ᠠᠳᠬᠤᠵᠤ ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠢᠷᠤᠮᠵᠢᠭᠰᠠᠨ ᠦᠢᠯᠡᠳᠪᠦᠷᠢᠯᠡᠯ ᠡᠵᠡᠩᠨᠡᠯᠲᠡ ᠵᠡᠷᠭᠡ ᠬᠦᠷᠢᠶᠡᠨ ᠳᠠᠬᠢ ᠪᠣᠯᠪᠠᠰᠤᠷᠠᠯ ᠢ ᠦᠷᠭᠦᠯᠵᠢᠯᠡᠨ ᠥᠷᠨᠢᠭᠦᠯᠵᠦ᠂ ᠪᠥᠬᠦ ᠲᠣᠭᠤᠷᠢᠭ ᠤᠨ ᠲᠠᠷᠢᠶᠠᠯᠠᠩ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠥᠭᠡᠳ ᠬᠦᠴᠦᠲᠡᠢ ᠮᠡᠷᠭᠡᠵᠢᠯ ᠤᠨ ᠪᠠᠲᠤᠯᠠᠭ᠎ᠠ ᠬᠠᠩᠭᠠᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1