ᠶᠤᠸᠠᠨ ᠪᠦᠦ ᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠭᠴᠢᠳ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2024/3/11
    1_副本.jpg
       3 ᠰᠠᠷ᠎ᠠ ᠶᠢᠨ 8᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠭᠴᠢᠳ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠡᠷᠬᠢᠯᠡᠪᠡ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠬᠢᠭᠡᠳ ᠡᠯ᠎ᠡ ᠪᠠᠯᠭᠠᠰᠤ ᠰᠢᠶᠠᠩ ᠤᠨ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡᠨ ᠤ ᠲᠥᠪ ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠲᠤᠰᠬᠠᠢ ᠮᠡᠷᠭᠡᠵᠢᠯᠲᠡᠨ ᠵᠡᠷᠭᠡ 100 ᠭᠠᠷᠤᠢ ᠬᠦᠮᠥᠰ ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠪᠠ ᠃    ᠪᠣᠯᠪᠠᠰᠤᠷᠠᠯ ᠤᠨ ᠲᠤᠬᠠᠢ ᠶᠢᠨ ᠲᠠᠯᠠᠪᠠᠶ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ᠂ ︽ᠲᠠᠷᠢᠶᠠᠨ ᠡᠮ ᠤᠨ ᠬᠠᠮᠢᠶᠠᠷᠤᠯᠲᠠ ᠶᠢᠨ ᠳᠦᠷᠢᠮ︾ ᠂ ︽ᠲᠠᠷᠢᠮᠠᠯ ᠤᠨ ᠦᠷ᠎ᠡ ᠶᠢᠨ ᠱᠣᠰᠢᠭ᠎ᠠ ᠲᠡᠮᠳᠡᠭ ᠪᠠ ᠬᠡᠷᠡᠭᠯᠡᠬᠦ ᠲᠣᠳᠣᠷᠬᠠᠶᠢᠯᠠᠯᠲᠠ ᠶᠢᠨ ᠬᠠᠮᠢᠶᠠᠷᠤᠯᠲᠠ ᠶᠢᠨ ᠠᠷᠭ᠎ᠠ︾ ᠂ ︽ᠲᠠᠷᠢᠮᠠᠯ ᠤᠨ ᠦᠷ᠎ᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠪᠠ᠃ ᠦᠷ᠎ᠡ ᠶᠢᠨ ᠶᠠᠰᠤ ᠴᠢᠨᠠᠷ᠂ ᠡᠵᠡᠩᠨᠡᠯᠲᠡ ᠬᠠᠮᠢᠶᠠᠷᠤᠯᠲᠠ ᠵᠢᠴᠢ ᠦᠷ᠎ᠡ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠵᠡᠷᠭᠡ ᠴᠢᠬᠤᠯᠠ ᠠᠭᠤᠯᠭ᠎ᠠ ᠳᠤ ᠪᠣᠳᠠᠲᠠᠢ ᠲᠠᠨᠢᠯᠴᠠᠭᠤᠯᠭ᠎ᠠ ᠬᠢᠵᠦ᠂ ᠪᠣᠳᠠᠲᠠᠢ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠲᠠᠷᠢᠶᠠᠨ ᠡᠮ ᠤᠨ ᠬᠡᠷᠡᠭᠯᠡᠯᠲᠡ ᠬᠠᠮᠢᠶᠠᠷᠤᠯᠲᠠ ᠂ ᠪᠣᠬᠢᠷᠲᠤᠯ ᠦᠭᠡᠢ ᠤᠷᠭᠤᠮᠠᠯ ᠤᠨ ᠬᠠᠮᠠᠭᠠᠯᠠᠯᠲᠠ ᠶᠢᠨ ᠮᠡᠷᠭᠡᠵᠢᠯ ᠵᠢᠴᠢ ᠲᠠᠷᠢᠶᠠᠨ ᠡᠮ ᠢ ᠳᠤᠷ᠎ᠠ ᠪᠠᠷ ᠢᠶᠠᠨ ᠬᠡᠷᠡᠭᠯᠡᠬᠦ ᠠᠴᠠ ᠬᠡᠷᠬᠢᠨ ᠵᠠᠶᠢᠯᠠᠰᠬᠢᠬᠦ ᠵᠡᠷᠭᠡ ᠠᠰᠠᠭᠤᠳᠠᠯ ᠢ ᠵᠠᠳᠠᠯᠤᠭᠰᠠᠨ ᠤ ᠬᠠᠮᠲᠤ ᠪᠠᠰᠠ ᠬᠤᠯᠪᠣᠭᠳᠠᠯ ᠪᠦᠬᠦᠢ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠢ ᠶᠢᠨ ᠮᠡᠳᠡᠯᠭᠡ ᠶᠢ ᠲᠠᠨᠢᠯᠴᠠᠭᠤᠯᠵᠤ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠩᠴᠢᠳ ᠤᠨ ᠠᠶᠤᠯᠭᠦᠢ ᠶᠢᠨ ᠤᠬᠠᠮᠰᠠᠷ ᠢ ᠳᠡᠭᠡᠭᠰᠢᠯᠡᠭᠦᠯᠵᠦ ᠂ ᠶᠤᠸᠠᠨ ᠪᠦᠦ ᠱᠠᠨ ᠲᠣᠭᠤᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠠᠶᠤᠯᠭᠦᠢ ᠶᠢ ᠦᠨᠡᠨ ᠬᠦ ᠪᠠᠲᠤᠯᠠᠪᠠ ᠃    ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠴᠢᠬᠤᠯᠠᠴᠢᠯᠠᠭᠰᠠᠨ ᠨᠢ᠂ ᠪᠥᠬᠦ ᠲᠣᠭᠤᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠩᠴᠢᠳ ᠡᠵᠡᠩᠨᠡᠯᠲᠡ ᠶᠢᠨ ᠡᠬᠡ ᠲᠠᠩᠰᠠ ᠶᠢᠨ ᠠᠵᠢᠯ ᠢ ᠰᠠᠶᠢᠲᠤᠷ ᠬᠢᠬᠦ ᠪᠠᠷ ᠪᠠᠷᠠᠬᠤ ᠦᠭᠡᠢ ᠪᠠᠰᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠮᠡᠳᠡᠯᠭᠡ ᠶᠢ ᠬᠢᠨᠠᠮᠠᠭᠠᠢ ᠰᠤᠷᠤᠯᠴᠠᠵᠤ᠂ ᠲᠠᠷᠢᠶᠠᠴᠢᠨ ᠡᠷᠦᠬᠡ ᠶᠢ ᠰᠠᠶᠢᠲᠤᠷ ᠵᠢᠯᠣᠭᠤᠳᠤᠨ ᠰᠠᠶᠢᠲᠤᠷ ᠦᠢᠯᠡᠴᠢᠯᠡᠵᠦ ᠪᠠᠶᠢᠭᠠᠳ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠬᠡᠷᠡᠭᠯᠡᠭᠦᠯᠬᠦ ᠬᠡᠷᠡᠭᠲᠡᠢ︔ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠰᠠᠶᠢᠨ ᠮᠡᠳᠡᠵᠦ ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ ᠡᠵᠡᠩᠨᠡᠬᠦ ᠬᠡᠷᠡᠭᠲᠡᠢ ︔ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠪᠠᠰᠠ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠲᠥᠷᠥ ᠶᠢᠨ ᠪᠣᠳᠣᠯᠭ᠎ᠠ ᠶᠢ ᠠᠪᠴᠤ᠂ ᠪᠥᠬᠦ ᠲᠣᠭᠤᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠤᠮᠳᠠᠬᠢ ᠬᠠᠤᠯᠢ ᠎ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠤᠨ ᠦᠢᠯᠡᠳᠪᠦᠷᠢᠯᠡᠯ ᠬᠢᠭᠡᠳ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠎ ᠢ ᠪᠠᠲᠤᠯᠠᠬᠤ ᠬᠡᠷᠡᠭᠲᠡᠢ ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1