ᠰᠢ ᠯᠦ ᠲᠢᠶᠠᠨ ᠵᠡᠭᠡᠯᠢ ᠭᠤᠳᠤᠮᠵᠢ ᠣᠯᠡᠨ ᠲᠠᠯ᠎ᠠ ᠪᠠᠷ ᠬᠥᠴᠥᠯᠡᠵᠦ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/3/12
    ᠣᠶᠢᠷ᠎ᠠ ᠶᠢᠨ ᠡᠳᠦᠷ ᠤᠳ ᠲᠤ ᠂ ᠰᠢ ᠯᠦ ᠲᠢᠶᠠᠨ ᠵᠡᠭᠡᠯᠢ ᠭᠤᠳᠤᠮᠵᠢ ᠤᠯᠠᠨ ᠲᠠᠯ᠎ᠠ ᠪᠠᠷ ᠬᠦᠴᠦᠯᠡᠵᠦ ᠂ ᠭᠤᠣᠯᠳᠠᠯᠭ᠎ᠠ ᠲᠠᠢ ᠴᠠᠭ ᠂ ᠭᠤᠣᠯᠳᠠᠯᠭ᠎ᠠ ᠲᠠᠢ ᠭᠠᠵᠠᠷ ᠲᠤ ᠠᠮᠤᠷ ᠲᠦᠪᠰᠢᠨ ᠤ ᠪᠠᠶᠢᠴᠠᠭᠠᠯᠲᠠ ᠂ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠥᠷᠨᠢᠭᠦᠯᠵᠦ ᠂ ᠡᠯ᠎ᠡ ᠲᠦᠷᠦᠯ ᠤᠨ ᠠᠳᠡᠯ ᠤᠨ ᠰᠤᠷᠭᠠᠮᠵᠢ ᠶᠢ ᠭᠦᠨᠵᠡᠭᠡᠢ ᠬᠦᠯᠢᠶᠡᠨ ᠠᠪᠴᠤ ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠪᠦᠬᠦ ᠬᠦᠴᠦᠨ ᠢᠶᠠᠷ ᠢᠶᠠᠨ ᠠᠷᠢᠯᠭᠠᠵᠤ ᠂ ᠡᠯ᠎ᠡ ᠲᠦᠷᠦᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ ᠂ ᠵᠡᠭᠡᠯᠢ ᠭᠤᠳᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠪᠠ᠃
1_副本.jpg
       ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠵᠡᠭᠡᠯᠢ ᠳᠤ ᠰᠠᠭᠤᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠠᠨ ᠎ ᠢ ᠤᠷᠢᠵᠤ ᠵᠡᠭᠡᠯᠢ ᠭᠤᠳᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ︽ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠪᠠ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠠᠵᠤ ᠠᠬᠤᠶᠢᠯᠠᠯ᠂ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠬᠠᠤᠯᠢ ᠪᠠᠷ ᠲᠣᠭᠲᠠᠭᠠᠭᠰᠠᠨ ᠡᠭᠦᠷᠭᠡ ᠶᠢ ᠲᠣᠳᠣᠷᠬᠠᠶᠢᠯᠠᠬᠤ ᠶᠢᠨ ᠬᠠᠮᠲᠤ᠂ ᠣᠶᠢᠷ᠎ᠠ ᠶᠢᠨ ᠬᠤᠭᠤᠴᠠᠭᠠᠨ ᠤ ᠪᠥᠬᠦ ᠤᠯᠤᠰ ᠤᠨ ᠭᠤᠣᠯᠳᠠᠯᠭ᠎ᠠ ᠲᠠᠢ ᠭᠠᠯ ᠤᠨᠲᠠᠷᠠᠭᠠᠬᠤ ᠠᠳᠡᠯ ᠳᠤ ᠴᠢᠭᠯᠡᠭᠦᠯᠦᠨ᠂ ᠲᠤᠰᠬᠠᠢ ᠰᠡᠳᠦᠪᠲᠦ ᠭᠠᠯ ᠤᠨᠲᠠᠷᠠᠭᠠᠬᠤ ᠠᠵᠢᠯ ᠤᠨ ᠰᠤᠳᠤᠯᠤᠨ ᠶᠠᠷᠢᠯᠴᠠᠬᠤ ᠠᠵᠢᠯ ᠢ ᠥᠷᠨᠢᠭᠦᠯᠵᠦ᠂ ᠡᠯ᠎ᠡ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠠᠨ ᠨᠠᠷ ᠢᠳᠡᠪᠬᠢᠲᠡᠢ ᠪᠠᠷ ᠦᠭᠡ ᠬᠡᠯᠡᠵᠦ ᠣᠪᠣᠷ ᠢᠶᠠᠨ ᠢᠯᠡᠳᠬᠡᠪᠡ ᠃ ᠡᠯ᠎ᠡ ᠠᠵᠢᠯ ᠲᠦᠷᠦᠯ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠺᠠᠳ᠋ᠷ ᠠᠩᠭᠢ ᠳᠠᠭᠠᠭᠤᠯᠤᠨ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠂ ᠠᠵᠢᠯ ᠲᠦᠷᠦᠯ ᠤᠨ ᠲᠤᠰᠬᠠᠢ ᠠᠩᠭᠢ 4 ᠵᠣᠬᠢᠶᠠᠨ ᠪᠠᠶᠢᠭᠤᠯᠵᠤ ᠂ 12 ᠤᠳᠠᠭᠠᠨ ᠤ ᠲᠣᠭᠤᠷᠢᠨ ᠪᠠᠶᠢᠴᠠᠭᠠᠯᠲᠠ ᠥᠷᠨᠢᠭᠦᠯᠪᠡ ᠃    ᠤᠯᠠᠨ ᠲᠠᠯ᠎ᠠ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ ᠂ ᠠᠮᠢ ᠨᠠᠰᠤᠨ ᠤ ᠠᠮᠤᠷ ᠲᠥᠪᠰᠢᠨ ᠢ ᠬᠠᠮᠠᠭᠠᠯᠠᠪᠠ᠃ ᠰᠢ ᠯᠦ ᠲᠢᠶᠠᠨ ᠵᠡᠭᠡᠯᠢ ᠭᠤᠳᠤᠮᠵᠢ ᠶᠢᠨ ᠡᠯ᠎ᠡ ᠲᠤᠰᠬᠠᠢ ᠠᠩᠭᠢ ᠬᠤᠯᠪᠣᠭᠳᠠᠯ ᠪᠦᠬᠦᠢ ᠬᠠᠷᠢᠭᠤᠴᠠᠯᠭᠠᠲᠤ ᠲᠠᠯ᠎ᠠ ᠲᠠᠢ ᠰᠠᠨᠠᠭᠠᠴᠢᠯᠠᠭ᠎ᠠ ᠎ ᠠᠴᠠ ᠪᠠᠨ ᠵᠣᠯᠭᠠᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ︽ᠭᠤᠷᠪᠠᠨ ᠱᠠᠲᠤᠨ ᠤ ᠰᠤᠷᠭᠠᠨ ᠬᠥᠮᠦᠵᠢᠯ︾᠂ ᠪᠡᠯᠡᠳᠬᠡᠮᠵᠢ ᠲᠥᠬᠦᠭᠡᠷᠦᠮᠵᠢ ᠶᠢᠨ ᠣᠨ ᠤ ᠪᠠᠶᠢᠴᠠᠭᠠᠯᠲᠠ ᠵᠡᠷᠭᠡ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ᠂ ᠭᠠᠯ ᠰᠡᠷᠭᠡᠶᠢᠯᠡᠬᠦ ᠴᠠᠭᠳᠠᠨ ᠪᠠᠶᠢᠴᠠᠭᠠᠯᠲᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠣᠷᠣᠨ ᠰᠠᠭᠤᠴᠠ ᠶᠢᠨ ᠲᠣᠭᠤᠷᠢᠭ᠂ ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠲᠠᠯᠠᠪᠤᠷ ᠪᠣᠯᠤᠨ ᠠᠵᠤ ᠠᠬᠤᠶᠢᠯᠠᠯ ᠤᠨ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠵᠠᠮ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠪᠠ ︔ ᠰᠠᠭᠤᠭᠠᠯᠢ ᠠᠷᠠᠳ ᠤᠨ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠲᠣᠭᠲᠠᠭᠠᠯ ᠎ ᠠᠴᠠ ᠵᠥᠷᠢᠴᠡᠨ ᠵᠣᠭᠰᠤᠭᠠᠬᠤ᠂ ᠴᠠᠬᠢᠯᠭᠠᠨ ᠴᠡᠨᠡᠭᠯᠡᠬᠦ᠂ ᠡᠵᠡᠯᠡᠨ ᠬᠡᠷᠡᠭᠯᠡᠬᠦ᠂ ᠪᠥᠭᠯᠡᠬᠦ᠂ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ ᠶᠢ ᠪᠢᠲᠡᠭᠦᠮᠵᠢᠯᠡᠬᠦ ᠵᠡᠷᠭᠡ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠵᠤ᠂ ᠦᠨᠳᠦᠰᠦᠨ ᠱᠠᠲᠤᠨ ᠤ ᠭᠠᠯ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ︔ ᠠᠳᠠᠯ ᠦᠢᠯᠡᠴᠢᠯᠡᠭᠡᠨ ᠤ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠲᠠᠲᠠᠶᠢᠵᠢᠭᠤᠯᠵᠤ᠂ ᠪᠠᠶᠢᠴᠠᠭᠠᠯᠲᠠ ᠶᠢᠨ ᠪᠣᠭᠤᠮᠲᠠ ᠶᠢ ᠤᠷᠤᠭᠰᠢ ᠰᠢᠯᠵᠢᠭᠦᠯᠬᠦ ᠶᠢ ᠠᠬᠢᠭᠤᠯᠵᠤ ᠂ 3 ᠬᠤᠪᠢ ᠠᠵᠢᠯ ᠤᠨ ᠰᠠᠨᠠᠭᠤᠯᠤᠮᠵᠢ ᠪᠠᠭᠤᠯᠭᠠᠵᠤ᠂ 20 ᠭᠠᠷᠤᠢ ᠠᠰᠠᠭᠤᠳᠠᠯ ᠤᠨ ᠭᠡᠮ ᠰᠤᠭᠤᠭ ᠢ ᠴᠡᠭᠴᠡᠯᠡᠨ ᠵᠠᠰᠠᠪᠠ᠃    ᠭᠠᠯ ᠤᠨᠲᠠᠷᠠᠭᠠᠬᠤ ᠮᠡᠳᠡᠯᠭᠡ ᠶᠢ ᠲᠦᠭᠡᠮᠡᠯᠵᠢᠭᠦᠯᠵᠦ ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠪᠡ᠃ ᠰᠢ ᠯᠦ ᠲᠢᠶᠠᠨ ᠵᠡᠭᠡᠯᠢ ᠭᠤᠳᠤᠮᠵᠢ  ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠪᠦᠬᠦᠨ ᠢ ᠪᠦᠷᠬᠦᠭᠦᠯᠬᠦ ᠪᠠᠶᠢᠷᠢᠰᠢᠯ ᠢ ᠢᠳᠡᠪᠬᠢᠲᠡᠢ ᠪᠠᠶᠢᠭᠤᠯᠵᠤ᠂ ᠠᠵᠤ ᠠᠬᠤᠶᠢᠯᠠᠯ᠂ ᠰᠤᠷᠭᠠᠭᠤᠯᠢ ᠂ ᠬᠡᠦᠬᠡᠳ ᠤᠨ ᠴᠡᠴᠡᠷᠯᠢᠭ ᠂ ᠨᠠᠰᠤᠲᠠᠨ ᠢ ᠠᠰᠠᠷᠠᠬᠤ ᠬᠦᠷᠢᠶᠡᠯᠡᠩ ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠵᠡᠷᠭᠡ ᠭᠠᠵᠠᠷ ᠎ ᠲᠤ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠡᠷᠴᠢᠮ ᠢ ᠴᠢᠩᠭᠠᠷᠠᠭᠤᠯᠬᠤ ᠪᠠᠷ ᠳᠠᠮᠵᠢᠭᠤᠯᠵᠤ ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠮᠢᠨᠴᠦᠭᠦᠷᠡᠨ ᠰᠤᠯᠠᠷᠠᠬᠤ ᠦᠵᠡᠯ ᠰᠠᠨᠠᠭ᠎ᠠ ᠶᠢ ᠨᠢ ᠲᠡᠪᠴᠢᠭᠦᠯᠵᠦ ᠂ ᠠᠶᠤᠯᠭᠦᠢ ᠦᠢᠯᠡᠳᠪᠦᠷᠢᠯᠡᠯ ᠤᠨ ᠬᠡᠪ ᠴᠢᠨᠠᠷ ᠢ ᠨᠢ ᠳᠡᠭᠡᠭᠰᠢᠯᠡᠭᠦᠯᠵᠦ ᠂ ᠠᠶᠤᠯᠭᠦᠢ ᠦᠢᠯᠡᠳᠪᠦᠷᠢᠯᠡᠯ ᠤᠨ ᠣᠶᠢᠯᠠᠭᠠᠭᠳᠠᠬᠤᠨ ᠢ ᠲᠠᠷᠢᠬᠢᠨ ᠳᠤᠨᠢ ᠬᠠᠳᠠᠩᠰᠢᠭᠤᠯᠵᠤ ᠰᠡᠳᠬᠢᠯ ᠳᠤᠨᠢ ᠬᠠᠳᠠᠩᠰᠢᠭᠤᠯᠵᠤ ᠂ ᠠᠶᠤᠯᠭᠦᠢ ᠦᠢᠯᠡᠳᠪᠦᠷᠢᠯᠡᠯ ᠤᠨ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠦᠷ᠎ᠡ ᠪᠦᠲᠦᠮᠵᠢ ᠳᠤ ᠬᠥᠷᠭᠡᠪᠡ᠃ ᠣᠳᠤ ᠪᠣᠯᠲᠠᠯ᠎ᠠ ᠠᠮᠤᠷ ᠲᠦᠪᠰᠢᠨ  ᠭᠠᠯ ᠤᠨᠲᠠᠷᠠᠭᠠᠵᠤ ᠠᠮᠢ ᠵᠢᠭᠤᠲᠠᠬᠤ ᠰᠣᠷᠢᠯᠲᠠ ᠶᠢ 3 ᠤᠳᠠᠭ᠎ᠠ᠂ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠢ 4 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠲᠥᠷᠥᠯ ᠤᠨ ᠬᠥᠨᠳᠡᠯᠡᠨ ᠪᠢᠴᠢᠭᠡᠰᠦ ᠶᠢ 30 ᠡᠯᠭᠦᠵᠦ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 3000 ᠭᠠᠷᠤᠢ ᠬᠤᠪᠢ ᠲᠠᠷᠬᠠᠭᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1