ᠶᠤᠸᠠᠨ ᠪᠦᠦ ᠱᠠᠨ ᠲᠣᠭᠤᠷᠢᠭ ᠰᠢᠨ᠎ᠡ ᠬᠠᠪᠤᠷ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠳᠠᠭᠠᠷᠢᠯᠲᠠ ᠶᠢᠨ ᠪᠦᠷᠢᠶ᠎ᠡ︾᠎ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2024/3/12
    ᠪᠠᠰᠠ ᠨᠢᠭᠡᠨ ᠬᠠᠪᠤᠷ ᠤᠨ ᠰᠠᠶᠢᠨ ᠴᠠᠭ ᠢᠷᠡᠯ᠎ᠡ᠂ ᠡᠷᠡᠯᠬᠡᠭᠯᠡᠨ ᠲᠡᠮᠡᠴᠡᠵᠦ ᠲᠡᠷᠢᠭᠦᠨ ᠳᠤ ᠣᠷᠣᠬᠤ ᠴᠢᠷᠮᠠᠶᠢᠯᠭ᠎ᠠ ᠶᠠᠭ ᠡᠷᠴᠢᠨ ᠳᠡᠭᠡᠷ᠎ᠡ ᠪᠠᠨ ᠪᠣᠢ᠃ ᠵᠢᠯ ᠤᠨ ᠡᠬᠢᠨ ᠠᠴᠠ ᠨᠠᠭᠠᠰᠢ᠂ ᠶᠤᠸᠠᠨ ᠪᠦᠦ ᠱᠠᠨ ᠲᠣᠭᠤᠷᠢᠭ ᠳᠡᠭᠡᠳᠦ ᠱᠠᠲᠤᠨ ᠤ ᠰᠡᠳᠬᠢᠴᠡ ᠶᠢᠨ ᠤᠳᠤᠷᠢᠳᠤᠮᠵᠢ ᠶᠢ ᠴᠢᠩᠭ᠎ᠠ ᠳᠠᠭᠠᠵᠤ ᠂ ᠪᠦᠬᠦ ᠲᠣᠭᠤᠷᠢᠭ ᠤᠨ ᠠᠵᠤ ᠦᠢᠯᠡᠰ ᠤᠨ ᠪᠣᠳᠠᠲᠠᠢ ᠲᠠᠢ ᠤᠶᠠᠯᠳᠤᠭᠤᠯᠵᠤ ᠂ ᠲᠦᠷᠦᠯ ᠵᠦᠢᠯ ᠤᠨ ᠨᠥᠭᠡᠴᠡᠯᠡᠬᠦ ᠠᠵᠢᠯ ᠢ ᠡᠷᠲᠡᠬᠡᠨ ᠡᠬᠢᠯᠡᠭᠦᠯᠬᠦ ᠶᠢᠨ ᠬᠠᠮᠲᠤ ᠲᠦᠷᠦᠯ ᠵᠦᠢᠯ ᠢ ᠨᠢᠭᠡᠳ ᠨᠢᠭᠡ ᠪᠠᠷ ᠰᠢᠯᠢᠨ ᠰᠣᠩᠭᠤᠵᠤ ᠂ ᠦᠷᠭᠦᠯᠵᠢᠯᠡᠨ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ ᠂ ᠲᠦᠷᠦᠯ ᠵᠦᠢᠯ ᠤᠨ ᠨᠥᠭᠡᠴᠡᠯᠡᠬᠦ ᠬᠥᠮᠥᠷᠭᠡ ᠶᠢ ᠲᠡᠭᠦᠯᠳᠡᠷᠵᠢᠭᠦᠯᠦᠨ ᠰᠢᠯᠢᠳᠡᠭᠵᠢᠭᠦᠯᠪᠡ ᠃ ᠬᠤᠷᠳᠤᠴᠠ ᠪᠠᠨ ᠤᠷᠢᠳᠴᠢᠯᠠᠨ ᠳᠡᠭᠡᠭᠰᠢᠯᠡᠭᠦᠯᠬᠦ ᠂ ᠰᠢᠰᠲ᠋ᠧᠮ ᠲᠠᠢ ᠲᠥᠯᠥᠪᠵᠢᠭᠦᠯᠬᠦ ᠪᠠᠷ ᠳᠠᠮᠵᠢᠭᠤᠯᠤᠨ ᠂ ᠪᠦᠬᠦ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠢᠳᠡ ᠬᠦᠴᠦᠨ ᠢ ᠨᠡᠩ ᠭᠦᠢᠴᠡᠳ ᠪᠣᠯᠭᠠᠵᠤ ᠂ ᠬᠠᠷᠠᠯᠲᠠ ᠶᠢ ᠨᠡᠩ ᠲᠣᠳᠣᠷᠬᠠᠢ ᠪᠥᠭᠡᠳ ᠪᠣᠳᠠᠲᠠᠢ ᠪᠣᠯᠭᠠᠪᠠ᠃    2024 ᠣᠨ ᠳᠤ᠂ ᠪᠥᠬᠦ ᠲᠣᠭᠤᠷᠢᠭ ᠎ ᠲᠤ 5000 ᠲᠦᠮᠡᠨ ᠲᠥᠭᠦᠷᠢᠭ ᠠᠴᠠ ᠳᠡᠭᠡᠭᠰᠢᠬᠢ ᠰᠢᠨ᠎ᠡ ᠪᠠᠷ ᠪᠠᠶᠢᠭᠤᠯᠬᠤ ᠭᠤᠣᠯᠳᠠᠯᠭ᠎ᠠ ᠲᠠᠢ ᠲᠥᠷᠥᠯ ᠵᠦᠢᠯ 39᠎ ᠶᠢ ᠬᠡᠷᠡᠭᠵᠢᠭᠦᠯᠬᠦ ᠪᠠᠷ ᠲᠥᠯᠥᠪᠯᠡᠵᠦ᠂ ᠡᠮᠦᠨᠡᠬᠢ ᠬᠤᠭᠤᠴᠠᠭᠠᠨ ᠤ ᠭᠠᠷᠳᠠᠮ ᠢ ᠨᠡᠶᠢᠲᠡ 351 ᠵᠦᠢᠯ ᠭᠦᠢᠴᠡᠳᠬᠡᠵᠦ᠂ ᠠᠬᠢᠭᠤᠯᠬᠤ ᠨᠢᠭᠡᠴᠢ 14᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ 6 ᠎ ᠶᠢ ᠬᠠᠮᠤᠷᠤᠨ᠎ᠠ᠃ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ 2024 ᠣᠨ ᠳᠤ ᠶᠤᠸᠠᠨ ᠪᠦᠦ ᠱᠠᠨ ᠲᠣᠭᠤᠷᠢᠭ ᠰᠢᠨ᠎ᠡ ᠪᠠᠷ ᠪᠠᠶᠢᠭᠤᠯᠤᠭᠰᠠᠨ 39 ᠭᠤᠣᠯᠳᠠᠯᠭ᠎ᠠ ᠲᠠᠢ ᠲᠥᠷᠥᠯ ᠵᠦᠢᠯ ᠳᠤ ᠭᠠᠵᠠᠷ ᠤᠨ ᠲᠠᠰ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠵᠦ ᠂ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠥᠪᠯᠡᠷᠡᠭᠦᠯᠦᠨ ᠰᠢᠪᠲᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠭᠤᠷᠢᠭ ᠤᠨ ᠳᠣᠲᠣᠷᠠᠬᠢ ᠭᠠᠷᠳᠠᠮ ᠢ ᠪᠦᠬᠦᠨ ᠢ ᠭᠦᠢᠴᠡᠳᠬᠡᠵᠦ ᠳᠠᠭᠤᠰᠬᠠᠬᠤ ᠶᠢ ᠦᠨᠡᠨ ᠬᠦ ᠪᠠᠲᠤᠯᠠᠨ᠎ᠠ᠃
1_副本.jpg
       ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠬᠢᠴᠠ ᠶᠢ ᠲᠦᠷᠭᠡᠳᠬᠡᠬᠦ ᠶᠢᠨ ᠲᠥᠯᠥᠭᠡ ᠂ ᠶᠤᠸᠠᠨ ᠪᠦᠦ ᠱᠠᠨ ᠲᠣᠭᠤᠷᠢᠭ ︽ ᠨᠢᠭᠡ ᠲᠥᠪ ᠬᠤᠶᠠᠷ ᠲᠤᠰᠬᠠᠢ ᠠᠩᠭᠢ ︾ ᠵᠢᠴᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ ᠂ ᠲᠦᠷᠦᠯ ᠵᠦᠢᠯ ᠤᠨ ᠭᠠᠷᠳᠠᠮ ᠢ ᠪᠣᠳᠠᠲᠠᠶᠢᠵᠢᠭᠤᠯᠤᠨ ᠠᠵᠢᠯᠯᠠᠬᠤ ᠶᠢ ᠪᠠᠷᠢᠮᠲᠠᠯᠠᠵᠤ ᠂ ᠭᠠᠷᠳᠠᠮ ᠢ ᠭᠦᠢᠴᠡᠳᠬᠡᠬᠦ ᠲᠡᠰ ᠳᠠᠪᠬᠤᠷᠭ᠎ᠠ ᠶᠢ ᠵᠦᠢᠯ ᠳᠠᠷᠠᠭᠠᠯᠠᠨ ᠡᠮᠬᠢᠯᠡᠵᠦ ᠂ ᠭᠦᠢᠴᠡᠳᠬᠡᠵᠦ ᠳᠠᠭᠤᠰᠬᠠᠬᠤ ᠴᠠᠭ ᠤᠨ ᠬᠢᠵᠠᠭᠠᠷ ᠢ ᠲᠣᠳᠣᠷᠬᠠᠶᠢᠯᠠᠵᠤ ᠂ ᠨᠢᠭᠡᠴᠢ ᠎ ᠯᠦᠭᠡ ᠶᠢᠨ ᠣᠯᠣᠯᠴᠠᠭ᠎ᠠ ᠵᠣᠯᠭᠠᠯᠴᠠᠭ᠎ᠠ ᠶᠢ ᠠᠬᠢᠭᠤᠯᠵᠤ ᠂ ᠠᠵᠤ ᠠᠬᠤᠶᠢᠯᠠᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠬᠤᠷᠳᠤᠴᠠ ᠶᠢ ᠦᠷᠭᠦᠯᠵᠢᠯᠡᠨ ᠲᠦᠷᠭᠡᠳᠬᠡᠬᠦ ᠳᠤ ᠬᠦᠴᠦ ᠨᠡᠮᠡᠷᠢᠯᠡᠪᠡ᠃ ᠨᠢᠭᠡ ᠲᠠᠯ᠎ᠠ ᠪᠠᠷ ᠵᠠᠳᠠᠯᠤᠨ ᠳ᠋ᠦᠩᠨᠡᠬᠦ ᠶᠢ ᠦᠷᠭᠦᠯᠵᠢᠯᠡᠨ ᠴᠢᠩᠭᠠᠳᠬᠠᠵᠤ᠂ ᠭᠠᠷᠳᠠᠮ ᠭᠦᠢᠴᠡᠳᠬᠡᠬᠦ ᠠᠵᠢᠯ ᠤᠨ ᠭᠠᠷᠠᠭ ᠤᠨ ᠲᠣᠬᠢᠷᠠᠭᠤᠯᠤᠯᠲᠠ᠂ ᠠᠷᠪᠠᠨ ᠡᠳᠦᠷ ᠤᠨ ᠰᠤᠳᠤᠯᠤᠨ ᠮᠠᠭᠠᠳᠯᠠᠯᠲᠠ ᠶᠢ ᠪᠠᠷᠢᠮᠲᠠᠯᠠᠨ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠠᠬᠢᠴᠠ ᠶᠢ ᠭᠠᠷᠠᠭ ᠪᠦᠷᠢ ᠰᠢᠨᠡᠳᠬᠡᠵᠦ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢᠨ ᠪᠡᠷᠬᠡ ᠠᠰᠠᠭᠤᠳᠠᠯ ᠢ ᠵᠦᠢᠯ ᠳᠠᠷᠠᠭᠠᠯᠠᠨ ᠵᠠᠳᠠᠯᠤᠨ ᠰᠢᠨᠵᠢᠯᠡᠪᠡ︔ ᠨᠥᠭᠦᠭᠡ ᠲᠠᠯ᠎ᠠ ᠪᠠᠷ ᠬᠠᠷᠢᠭᠤ ᠥᠭᠬᠦ ᠰᠡᠳᠬᠢᠬᠦᠢ ᠶᠢ ᠴᠢᠩᠭᠠᠷᠠᠭᠤᠯᠵᠤ᠂ ᠭᠠᠷᠠᠭ ᠪᠦᠷᠢ ᠬᠤᠶᠠᠷ ᠤᠳᠠᠭ᠎ᠠ ᠲᠥᠪᠯᠡᠷᠡᠭᠦᠯᠦᠨ ᠠᠵᠢᠯᠯᠠᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠬᠢᠭᠤᠯᠬᠤ ᠨᠢᠭᠡᠴᠢ ᠂ ᠥᠮᠴᠢᠲᠡᠨ ᠲᠠᠢ ᠢᠳᠡᠪᠬᠢᠲᠡᠢ ᠵᠣᠯᠭᠠᠭᠤᠯᠵᠤ᠂ ᠲᠥᠷᠥᠯ ᠵᠦᠢᠯ ᠤᠨ ᠲᠣᠳᠣᠷᠬᠠᠢ ᠬᠠᠭᠤᠳᠠᠰᠤ ᠶᠢᠨ ᠬᠡᠯᠪᠡᠷᠢ᠂ ᠡᠬᠡ ᠲᠠᠩᠰᠠ ᠶᠢ ᠳᠠᠷᠠᠭᠠᠯᠠᠨ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠪᠥᠬᠦ ᠲᠠᠯ᠎ᠠ ᠪᠠᠷ ᠠᠬᠢᠭᠤᠯᠬᠤ ᠶᠢ ᠦᠨᠡᠨ ᠬᠦ ᠪᠠᠲᠤᠯᠠᠵᠤ᠂ ᠬᠠᠪᠤᠷ ᠤᠨ ᠤᠯᠠᠷᠢᠯ ᠪᠠ ᠵᠢᠯ ᠤᠨ ᠳᠣᠲᠣᠷ᠎ᠠ ᠲᠥᠪᠯᠡᠷᠡᠭᠦᠯᠬᠦ ᠲᠥᠷᠥᠯ ᠵᠦᠢᠯ ᠤᠨ ᠠᠵᠢᠯ ᠡᠬᠢᠯᠡᠬᠦ ᠳᠤ ᠪᠠᠲᠤ ᠪᠠᠬᠢ ᠪᠠᠲᠤᠯᠠᠭ᠎ᠠ ᠬᠠᠩᠭᠠᠪᠠ᠃
2_副本.jpg
       ᠭᠤᠣᠯᠳᠠᠯᠭ᠎ᠠ ᠲᠠᠢ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠲᠦᠷᠭᠡᠳᠬᠡᠬᠦ ᠶᠢᠨ ᠲᠤᠰᠠᠳᠠ᠂ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠶᠢᠨ ᠳᠥᠭᠦᠮ ᠳᠥᠲᠡ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠪᠡ ᠃    ᠬᠦᠷ ᠬᠥᠭᠵᠢᠶᠡᠨ ᠲᠠᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠬᠦ ᠳᠤ ᠂ ᠠᠵᠢᠯᠲᠠᠳ ᠠᠵᠢᠯ ᠶᠠᠪᠤᠳᠠᠯ ᠭᠦᠢᠴᠡᠳᠬᠡᠬᠦ ᠪᠠᠷ ᠢᠷᠡᠭᠰᠡᠨ ᠠᠵᠤ ᠠᠬᠤᠶᠢᠯᠠᠯ ᠤᠨ ᠬᠥᠮᠥᠰ ᠢ ᠬᠠᠯᠠᠭᠤᠨ ᠢᠶᠠᠷ ᠬᠦᠯᠢᠶᠡᠨ ᠠᠪᠴᠤ ᠂ ᠲᠡᠳᠡᠨ ᠳᠤ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠬᠦ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ︽ ᠲᠠᠨ ᠳᠤ ᠬᠠᠪᠰᠤᠷᠤᠨ ᠭᠥᠢᠴᠡᠳᠬᠡᠵᠦ ᠦᠭᠭᠦ︾ ᠂ ︽ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠡᠭᠦᠳᠡ ᠪᠠᠨ ᠬᠠᠭᠠᠬᠤ ᠦᠭᠡᠢ ︾ ᠵᠡᠷᠭᠡ ᠤᠷᠢᠳᠴᠢᠯᠠᠨ ᠪᠣᠯᠵᠣᠬᠤ ᠦᠢᠯᠡᠴᠢᠯᠡᠭᠡ ᠶᠢ ᠲᠣᠳᠣᠷᠬᠠᠶᠢᠯᠠᠵᠤ ᠥᠭᠴᠡᠢ ᠃ ᠵᠢᠯ ᠤᠨ ᠡᠬᠢᠨ ᠠᠴᠠ ᠨᠠᠭᠠᠰᠢ ᠂ ᠲᠣᠰ ᠲᠥᠪ ᠨᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠡᠶᠢᠲᠡ 20 ᠭᠠᠷᠤᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ 50 ᠭᠠᠷᠤᠢ ᠬᠢᠨᠠᠨ ᠵᠥᠪᠰᠢᠶᠡᠷᠡᠬᠦ ᠭᠠᠷᠳᠠᠮ ᠭᠦᠢᠴᠡᠳᠬᠡᠵᠦ ᠥᠭᠭᠦᠭᠰᠡᠨ ᠪᠠᠶᠢᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1