ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ︽ᠬᠠᠤᠯᠢ ᠴᠠᠭᠠᠵᠠ ᠶᠢᠨ ᠲᠤᠰᠠᠯᠠᠮᠵᠢ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ · ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ︾ ᠬᠠᠤᠯᠢ ᠲᠦᠭᠡᠮᠡᠯᠵᠢᠭᠦᠯᠬᠦ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/3/12
    ᠬᠠᠤᠯᠢ ᠴᠠᠭᠠᠵᠠ ᠶᠢᠨ ᠲᠤᠰᠠᠯᠠᠮᠵᠢ ᠶᠢᠨ ᠡᠭᠦᠷᠭᠡ ᠴᠢᠳᠠᠪᠤᠷᠢ ᠪᠠ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠮᠡᠭᠲᠡᠶᠢᠴᠦᠳ ᠎ ᠤᠨ ᠡᠷᠬᠡ ᠠᠰᠢᠭ ᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ 3 ᠰᠠᠷ᠎ᠠ ᠶᠢᠨ 8᠎ ᠤ ᠡᠳᠦᠷ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠶᠢᠨ ᠾᠧ ᠲᠠᠯᠠᠪᠠᠶ ᠳᠤ ︽ ᠬᠠᠤᠯᠢ ᠴᠠᠭᠠᠵᠠ ᠶᠢᠨ ᠲᠤᠰᠠᠯᠠᠮᠵᠢ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ · ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ︾ ᠬᠠᠤᠯᠢ ᠲᠦᠭᠡᠮᠡᠯᠵᠢᠭᠦᠯᠬᠦ ᠬᠥᠳᠡᠯᠭᠡᠭᠡᠨ ᠥᠷᠨᠢᠭᠦᠯᠪᠡ᠃
1_副本.jpg
       ᠬᠥᠳᠡᠯᠭᠡᠭᠡᠨ ᠤ ᠲᠤᠬᠠᠢ ᠶᠢᠨ ᠲᠠᠯᠠᠪᠠᠶ ᠳᠤ᠂ ᠡᠯᠭᠦᠭᠡ ᠪᠢᠴᠢᠭᠡᠰᠦ ᠡᠯᠭᠦᠬᠦ ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠂ ︽ ᠤᠯᠠᠨ ᠲᠦᠮᠡᠨ ᠳᠤ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ ︾ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ ︾ ᠵᠡᠷᠭᠡ ᠡᠮᠡᠭᠲᠡᠶᠢᠴᠦᠳ ᠤᠨ ᠭᠡᠷ ᠪᠦᠯᠢ ᠶᠢᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠶᠢᠨ ᠬᠠᠮᠲᠤ ᠤᠯᠠᠨ ᠲᠦᠮᠡᠨ ᠳᠤ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠪᠠᠷᠢᠮᠵᠢᠶ᠎ᠠ ᠂ ᠬᠡᠪᠴᠢᠶ᠎ᠡ ᠵᠢᠴᠢ ᠶᠠᠪᠤᠴᠠ ᠶᠢ ᠨᠠᠷᠢᠨ ᠲᠠᠨᠢᠯᠴᠠᠭᠤᠯᠵᠤ ᠂ ᠲᠤᠰᠬᠠᠢ ᠮᠡᠷᠭᠡᠵᠢᠯ ᠤᠨ ᠳᠥᠭᠦᠮ ᠳᠥᠲᠡ ᠬᠠᠤᠯᠢ ᠴᠠᠭᠠᠵᠠ ᠶᠢᠨ ᠦᠢᠯᠡᠴᠢᠯᠡᠭᠡ ᠶᠢ ᠡᠮᠡᠭᠲᠡᠶᠢᠴᠦᠳ ᠤᠨ ᠳᠡᠷᠭᠡᠳᠡ ᠬᠦᠷᠭᠡᠬᠦ ᠶᠢ ᠪᠠᠲᠤᠯᠠᠪᠠ᠃ ᠬᠥᠳᠡᠯᠭᠡᠭᠡᠨ ᠤ ᠳᠤᠮᠳᠠ ᠨᠡᠶᠢᠲᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾᠎ ᠶᠢ 200 ᠭᠠᠷᠤᠢ ᠳᠡᠪᠲᠡᠷ ᠲᠠᠷᠬᠠᠭᠠᠵᠤ᠂ ᠲᠤᠬᠠᠢ ᠶᠢᠨ ᠲᠠᠯᠠᠪᠤᠷ ᠲᠤ 20 ᠭᠠᠷᠤᠢ ᠬᠥᠮᠥᠨ ᠡᠭᠡᠯᠵᠢ ᠶᠢᠨ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠭᠰᠠᠨ ᠪᠠᠶᠢᠨ᠎ᠠ᠃
2_副本.jpg
       2024 ᠣᠨ ᠤ ᠡᠬᠢᠨ ᠠᠴᠠ ᠨᠠᠭᠠᠰᠢ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠠᠴᠠ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠨᠡᠶᠢᠲᠡ 200 ᠰᠢᠢᠳᠪᠦᠷᠢᠯᠡᠵᠦ᠂ 200 ᠭᠠᠷᠤᠢ ᠬᠥᠮᠥᠨ ᠲᠤᠰᠠᠯᠠᠮᠵᠢ ᠭᠥᠷᠳᠡᠪᠡ ᠂ ᠡᠭᠦᠨ ᠳᠤ ᠡᠮᠡᠭᠲᠡᠶᠢᠴᠦᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ 52 ᠪᠠᠶᠢᠵᠤ᠂ 20 ᠭᠠᠷᠤᠢ ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠭᠰᠠᠨ ᠪᠠᠶᠢᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1