ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠷᠤᠭᠰᠢᠲᠠᠢ ᠪᠠᠶᠢᠬᠤ ᠶᠢ ᠪᠠᠲᠤᠯᠠᠨ᠎ᠠ
ᠨᠡᠶᠢᠲᠡᠯᠡᠭᠰᠡᠨ ᠴᠠᠭ᠄
2024/3/12
    ᠬᠠᠪᠤᠷ ᠤᠨ ᠲᠠᠷᠢᠶᠠᠯᠠᠭ᠎ᠠ ᠎ ᠶᠢᠨ ᠪᠡᠯᠡᠳᠬᠡᠯ ᠳᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠤᠷᠢᠳᠠᠪᠠᠷ ᠪᠡᠯᠡᠳᠬᠡᠨ᠎ᠡ᠃ ᠣᠶᠢᠷ᠎ᠠ ᠳᠤ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠦᠯᠢᠶᠥᠦ ᠪᠦᠷᠬᠦᠪᠴᠢ ᠂ ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠳᠤ ᠪᠥᠬᠦ ᠲᠠᠯ᠎ᠠ ᠶᠢᠨ ᠲᠤᠰᠬᠠᠢ ᠪᠠᠶᠢᠴᠠᠭᠠᠯᠲᠠ ᠬᠢᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠥᠷᠭᠡᠨ ᠣᠯᠠᠨ ᠲᠠᠷᠢᠶᠠᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠪᠠ᠃
1_副本.jpg
       ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠦᠢᠯᠡᠳᠪᠦᠷᠢᠯᠡᠬᠦ ᠠᠵᠤ ᠠᠬᠤᠶᠢᠯᠠᠯ ᠳᠤ᠂ ᠬᠠᠤᠯᠢ ᠬᠡᠷᠡᠭᠵᠢᠭᠦᠯᠦᠭᠴᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠨᠢᠭᠡᠴᠢ ᠳᠤ ᠦᠨᠡᠮᠯᠡᠯ ᠦᠭᠡᠢ ᠪᠠᠷ ᠡᠵᠡᠩᠨᠡᠭᠰᠡᠨ ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠭᠰᠡᠨ᠂ ᠬᠤᠭᠤᠴᠠᠭ᠎ᠠ ᠨᠢ ᠥᠩᠭᠡᠷᠡᠭᠰᠡᠨ᠂ ᠴᠢᠨᠠᠷ ᠨᠢ ᠬᠤᠪᠢᠷᠠᠭᠰᠠᠨ ᠂ ᠦᠢᠯᠡᠳᠦᠯ ᠢᠶᠠᠨ ᠠᠯᠳᠠᠭᠰᠠᠨ ᠵᠢᠴᠢ ᠤᠯᠤᠰ ᠠᠴᠠ ᠬᠡᠷᠡᠭᠯᠡᠬᠦ ᠶᠢ ᠴᠠᠭᠠᠵᠠᠯᠠᠭᠰᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠪᠣᠷᠣᠯᠠᠭᠤᠯᠤᠭᠰᠠᠨ ᠵᠡᠷᠭᠡ ᠦᠢᠯᠡ ᠠᠵᠢᠯᠯᠠᠭ᠎ᠠ ᠪᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠱᠣᠰᠢᠭ᠎ᠠ ᠲᠡᠮᠳᠡᠭ ᠨᠢ ᠵᠢᠷᠤᠮᠵᠢᠭᠰᠠᠨ ᠡᠰᠡᠬᠦ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠵᠤ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠢ ᠴᠡᠪᠡᠷᠰᠢᠭᠦᠯᠵᠦ ᠂ ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠵᠤ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠢ ᠴᠡᠪᠡᠷᠰᠢᠭᠦᠯᠦᠨ᠂ ᠲᠠᠷᠢᠶᠠᠴᠢᠨ ᠲᠦᠮᠡᠨ ᠳᠤ ᠰᠠᠨᠠᠭ᠎ᠠ ᠠᠮᠤᠷ ᠥᠷ᠎ᠡ ᠂ ᠰᠠᠨᠠᠭ᠎ᠠ ᠠᠮᠤᠷ ᠡᠮ᠂ ᠰᠠᠨᠠᠭ᠎ᠠ ᠠᠮᠤᠷ ᠪᠣᠷᠳᠣᠭᠤᠷ ᠬᠡᠷᠡᠭᠯᠡᠬᠦ ᠶᠢ ᠦᠨᠡᠨ ᠬᠦ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ  ᠤᠷᠤᠭᠰᠢᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1