ᠰᠢ ᠯᠦ ᠲᠢᠶᠠᠨ ᠵᠡᠭᠡᠯᠢ ᠭᠤᠳᠤᠮᠵᠢ ᠣᠯᠡᠨ ᠲᠠᠯ᠎ᠠ ᠪᠠᠷ ᠬᠥᠴᠥᠯᠡᠵᠦ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/3/12
    ᠣᠶᠢᠷ᠎ᠠ ᠶᠢᠨ ᠡᠳᠦᠷ ᠤᠳ ᠲᠤ ᠂ ᠰᠢ ᠯᠦ ᠲᠢᠶᠠᠨ ᠵᠡᠭᠡᠯᠢ ᠭᠤᠳᠤᠮᠵᠢ ᠤᠯᠠᠨ ᠲᠠᠯ᠎ᠠ ᠪᠠᠷ ᠬᠦᠴᠦᠯᠡᠵᠦ ᠂ ᠭᠤᠣᠯᠳᠠᠯᠭ᠎ᠠ ᠲᠠᠢ ᠴᠠᠭ ᠂ ᠭᠤᠣᠯᠳᠠᠯᠭ᠎ᠠ ᠲᠠᠢ ᠭᠠᠵᠠᠷ ᠲᠤ ᠠᠮᠤᠷ ᠲᠦᠪᠰᠢᠨ ᠤ ᠪᠠᠶᠢᠴᠠᠭᠠᠯᠲᠠ ᠂ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠥᠷᠨᠢᠭᠦᠯᠵᠦ ᠂ ᠡᠯ᠎ᠡ ᠲᠦᠷᠦᠯ ᠤᠨ ᠠᠳᠡᠯ ᠤᠨ ᠰᠤᠷᠭᠠᠮᠵᠢ ᠶᠢ ᠭᠦᠨᠵᠡᠭᠡᠢ ᠬᠦᠯᠢᠶᠡᠨ ᠠᠪᠴᠤ ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠪᠦᠬᠦ ᠬᠦᠴᠦᠨ ᠢᠶᠠᠷ ᠢᠶᠠᠨ ᠠᠷᠢᠯᠭᠠᠵᠤ ᠂ ᠡᠯ᠎ᠡ ᠲᠦᠷᠦᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ ᠂ ᠵᠡᠭᠡᠯᠢ ᠭᠤᠳᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠪᠠ᠃
1_副本.jpg
       ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠵᠡᠭᠡᠯᠢ ᠳᠤ ᠰᠠᠭᠤᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠠᠨ  ᠢ ᠤᠷᠢᠵᠤ ᠵᠡᠭᠡᠯᠢ ᠭᠤᠳᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ︽ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠪᠠ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠠᠵᠤ ᠠᠬᠤᠶᠢᠯᠠᠯ᠂ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠬᠠᠤᠯᠢ ᠪᠠᠷ ᠲᠣᠭᠲᠠᠭᠠᠭᠰᠠᠨ ᠡᠭᠦᠷᠭᠡ ᠶᠢ ᠲᠣᠳᠣᠷᠬᠠᠶᠢᠯᠠᠬᠤ ᠶᠢᠨ ᠬᠠᠮᠲᠤ᠂ ᠣᠶᠢᠷ᠎ᠠ ᠶᠢᠨ ᠬᠤᠭᠤᠴᠠᠭᠠᠨ ᠤ ᠪᠥᠬᠦ ᠤᠯᠤᠰ ᠤᠨ ᠭᠤᠣᠯᠳᠠᠯᠭ᠎ᠠ ᠲᠠᠢ ᠭᠠᠯ ᠤᠨᠲᠠᠷᠠᠭᠠᠬᠤ ᠠᠳᠡᠯ ᠳᠤ ᠴᠢᠭᠯᠡᠭᠦᠯᠦᠨ᠂ ᠲᠤᠰᠬᠠᠢ ᠰᠡᠳᠦᠪᠲᠦ ᠭᠠᠯ ᠤᠨᠲᠠᠷᠠᠭᠠᠬᠤ ᠠᠵᠢᠯ ᠤᠨ ᠰᠤᠳᠤᠯᠤᠨ ᠶᠠᠷᠢᠯᠴᠠᠬᠤ ᠠᠵᠢᠯ ᠢ ᠥᠷᠨᠢᠭᠦᠯᠵᠦ᠂ ᠡᠯ᠎ᠡ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠠᠨ ᠨᠠᠷ ᠢᠳᠡᠪᠬᠢᠲᠡᠢ ᠪᠠᠷ ᠦᠭᠡ ᠬᠡᠯᠡᠵᠦ ᠣᠪᠣᠷ ᠢᠶᠠᠨ ᠢᠯᠡᠳᠬᠡᠪᠡ ᠃ ᠡᠯ᠎ᠡ ᠠᠵᠢᠯ ᠲᠦᠷᠦᠯ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠺᠠᠳ᠋ᠷ ᠠᠩᠭᠢ ᠳᠠᠭᠠᠭᠤᠯᠤᠨ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠂ ᠠᠵᠢᠯ ᠲᠦᠷᠦᠯ ᠤᠨ ᠲᠤᠰᠬᠠᠢ ᠠᠩᠭᠢ 4 ᠵᠣᠬᠢᠶᠠᠨ ᠪᠠᠶᠢᠭᠤᠯᠵᠤ ᠂ 12 ᠤᠳᠠᠭᠠᠨ ᠤ ᠲᠣᠭᠤᠷᠢᠨ ᠪᠠᠶᠢᠴᠠᠭᠠᠯᠲᠠ ᠥᠷᠨᠢᠭᠦᠯᠪᠡ ᠃    ᠤᠯᠠᠨ ᠲᠠᠯ᠎ᠠ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ ᠂ ᠠᠮᠢ ᠨᠠᠰᠤᠨ ᠤ ᠠᠮᠤᠷ ᠲᠥᠪᠰᠢᠨ ᠢ ᠬᠠᠮᠠᠭᠠᠯᠠᠪᠠ᠃ ᠰᠢ ᠯᠦ ᠲᠢᠶᠠᠨ ᠵᠡᠭᠡᠯᠢ ᠭᠤᠳᠤᠮᠵᠢ ᠶᠢᠨ ᠡᠯ᠎ᠡ ᠲᠤᠰᠬᠠᠢ ᠠᠩᠭᠢ ᠬᠤᠯᠪᠣᠭᠳᠠᠯ ᠪᠦᠬᠦᠢ ᠬᠠᠷᠢᠭᠤᠴᠠᠯᠭᠠᠲᠤ ᠲᠠᠯ᠎ᠠ ᠲᠠᠢ ᠰᠠᠨᠠᠭᠠᠴᠢᠯᠠᠭ᠎ᠠ  ᠠᠴᠠ ᠪᠠᠨ ᠵᠣᠯᠭᠠᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ︽ᠭᠤᠷᠪᠠᠨ ᠱᠠᠲᠤᠨ ᠤ ᠰᠤᠷᠭᠠᠨ ᠬᠥᠮᠦᠵᠢᠯ︾᠂ ᠪᠡᠯᠡᠳᠬᠡᠮᠵᠢ ᠲᠥᠬᠦᠭᠡᠷᠦᠮᠵᠢ ᠶᠢᠨ ᠣᠨ ᠤ ᠪᠠᠶᠢᠴᠠᠭᠠᠯᠲᠠ ᠵᠡᠷᠭᠡ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ᠂ ᠭᠠᠯ ᠰᠡᠷᠭᠡᠶᠢᠯᠡᠬᠦ ᠴᠠᠭᠳᠠᠨ ᠪᠠᠶᠢᠴᠠᠭᠠᠯᠲᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠣᠷᠣᠨ ᠰᠠᠭᠤᠴᠠ ᠶᠢᠨ ᠲᠣᠭᠤᠷᠢᠭ᠂ ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠲᠠᠯᠠᠪᠤᠷ ᠪᠣᠯᠤᠨ ᠠᠵᠤ ᠠᠬᠤᠶᠢᠯᠠᠯ ᠤᠨ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠵᠠᠮ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠪᠠ ︔ ᠰᠠᠭᠤᠭᠠᠯᠢ ᠠᠷᠠᠳ ᠤᠨ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠲᠣᠭᠲᠠᠭᠠᠯ  ᠠᠴᠠ ᠵᠥᠷᠢᠴᠡᠨ ᠵᠣᠭᠰᠤᠭᠠᠬᠤ᠂ ᠴᠠᠬᠢᠯᠭᠠᠨ ᠴᠡᠨᠡᠭᠯᠡᠬᠦ᠂ ᠡᠵᠡᠯᠡᠨ ᠬᠡᠷᠡᠭᠯᠡᠬᠦ᠂ ᠪᠥᠭᠯᠡᠬᠦ᠂ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ ᠶᠢ ᠪᠢᠲᠡᠭᠦᠮᠵᠢᠯᠡᠬᠦ ᠵᠡᠷᠭᠡ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠵᠤ᠂ ᠦᠨᠳᠦᠰᠦᠨ ᠱᠠᠲᠤᠨ ᠤ ᠭᠠᠯ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ︔ ᠠᠳᠠᠯ ᠦᠢᠯᠡᠴᠢᠯᠡᠭᠡᠨ ᠤ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠲᠠᠲᠠᠶᠢᠵᠢᠭᠤᠯᠵᠤ᠂ ᠪᠠᠶᠢᠴᠠᠭᠠᠯᠲᠠ ᠶᠢᠨ ᠪᠣᠭᠤᠮᠲᠠ ᠶᠢ ᠤᠷᠤᠭᠰᠢ ᠰᠢᠯᠵᠢᠭᠦᠯᠬᠦ ᠶᠢ ᠠᠬᠢᠭᠤᠯᠵᠤ ᠂ 3 ᠬᠤᠪᠢ ᠠᠵᠢᠯ ᠤᠨ ᠰᠠᠨᠠᠭᠤᠯᠤᠮᠵᠢ ᠪᠠᠭᠤᠯᠭᠠᠵᠤ᠂ 20 ᠭᠠᠷᠤᠢ ᠠᠰᠠᠭᠤᠳᠠᠯ ᠤᠨ ᠭᠡᠮ ᠰᠤᠭᠤᠭ ᠢ ᠴᠡᠭᠴᠡᠯᠡᠨ ᠵᠠᠰᠠᠪᠠ᠃    ᠭᠠᠯ ᠤᠨᠲᠠᠷᠠᠭᠠᠬᠤ ᠮᠡᠳᠡᠯᠭᠡ ᠶᠢ ᠲᠦᠭᠡᠮᠡᠯᠵᠢᠭᠦᠯᠵᠦ ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠪᠡ᠃ ᠰᠢ ᠯᠦ ᠲᠢᠶᠠᠨ ᠵᠡᠭᠡᠯᠢ ᠭᠤᠳᠤᠮᠵᠢ  ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠪᠦᠬᠦᠨ ᠢ ᠪᠦᠷᠬᠦᠭᠦᠯᠬᠦ ᠪᠠᠶᠢᠷᠢᠰᠢᠯ ᠢ ᠢᠳᠡᠪᠬᠢᠲᠡᠢ ᠪᠠᠶᠢᠭᠤᠯᠵᠤ᠂ ᠠᠵᠤ ᠠᠬᠤᠶᠢᠯᠠᠯ᠂ ᠰᠤᠷᠭᠠᠭᠤᠯᠢ ᠂ ᠬᠡᠦᠬᠡᠳ ᠤᠨ ᠴᠡᠴᠡᠷᠯᠢᠭ ᠂ ᠨᠠᠰᠤᠲᠠᠨ ᠢ ᠠᠰᠠᠷᠠᠬᠤ ᠬᠦᠷᠢᠶᠡᠯᠡᠩ ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠵᠡᠷᠭᠡ ᠭᠠᠵᠠᠷ  ᠲᠤ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠡᠷᠴᠢᠮ ᠢ ᠴᠢᠩᠭᠠᠷᠠᠭᠤᠯᠬᠤ ᠪᠠᠷ ᠳᠠᠮᠵᠢᠭᠤᠯᠵᠤ ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠮᠢᠨᠴᠦᠭᠦᠷᠡᠨ ᠰᠤᠯᠠᠷᠠᠬᠤ ᠦᠵᠡᠯ ᠰᠠᠨᠠᠭ᠎ᠠ ᠶᠢ ᠨᠢ ᠲᠡᠪᠴᠢᠭᠦᠯᠵᠦ ᠂ ᠠᠶᠤᠯᠭᠦᠢ ᠦᠢᠯᠡᠳᠪᠦᠷᠢᠯᠡᠯ ᠤᠨ ᠬᠡᠪ ᠴᠢᠨᠠᠷ ᠢ ᠨᠢ ᠳᠡᠭᠡᠭᠰᠢᠯᠡᠭᠦᠯᠵᠦ ᠂ ᠠᠶᠤᠯᠭᠦᠢ ᠦᠢᠯᠡᠳᠪᠦᠷᠢᠯᠡᠯ ᠤᠨ ᠣᠶᠢᠯᠠᠭᠠᠭᠳᠠᠬᠤᠨ ᠢ ᠲᠠᠷᠢᠬᠢᠨ ᠳᠤᠨᠢ ᠬᠠᠳᠠᠩᠰᠢᠭᠤᠯᠵᠤ ᠰᠡᠳᠬᠢᠯ ᠳᠤᠨᠢ ᠬᠠᠳᠠᠩᠰᠢᠭᠤᠯᠵᠤ ᠂ ᠠᠶᠤᠯᠭᠦᠢ ᠦᠢᠯᠡᠳᠪᠦᠷᠢᠯᠡᠯ ᠤᠨ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠦᠷ᠎ᠡ ᠪᠦᠲᠦᠮᠵᠢ ᠳᠤ ᠬᠥᠷᠭᠡᠪᠡ᠃ ᠣᠳᠤ ᠪᠣᠯᠲᠠᠯ᠎ᠠ ᠠᠮᠤᠷ ᠲᠦᠪᠰᠢᠨ  ᠭᠠᠯ ᠤᠨᠲᠠᠷᠠᠭᠠᠵᠤ ᠠᠮᠢ ᠵᠢᠭᠤᠲᠠᠬᠤ ᠰᠣᠷᠢᠯᠲᠠ ᠶᠢ 3 ᠤᠳᠠᠭ᠎ᠠ᠂ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠢ 4 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠲᠥᠷᠥᠯ ᠤᠨ ᠬᠥᠨᠳᠡᠯᠡᠨ ᠪᠢᠴᠢᠭᠡᠰᠦ ᠶᠢ 30 ᠡᠯᠭᠦᠵᠦ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 3000 ᠭᠠᠷᠤᠢ ᠬᠤᠪᠢ ᠲᠠᠷᠬᠠᠭᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1