ᠮᠠᠨ ᠤ ᠣᠷᠣᠨ 28 ᠵᠦᠢᠯ ᠤᠨ ᠠᠷᠭ᠎ᠠ ᠬᠡᠮᠵᠢᠶ᠎ᠡ ᠪᠠᠷ ᠲᠤᠰᠬᠠᠢ ᠠᠰᠢᠭ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠪᠲᠤᠯᠤᠯᠲᠠ︾ ᠢᠨᠵᠧᠨᠧᠷᠢᠩ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/3/13
    ︽ᠲᠤᠰᠬᠠᠢ ᠠᠰᠢᠭ ᠤᠨ ᠡᠷᠬᠡ ᠰᠢᠯᠵᠢᠭᠦᠯᠬᠦ ᠶᠢ ᠳᠠᠩᠰᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠳ᠋ᠠᠶᠢᠲ᠋ᠠ ᠯᠤᠭ᠎ᠠ ᠬᠤᠯᠪᠣᠭᠠᠯᠠᠵᠤ ᠨᠡᠪᠲᠡᠷᠡᠯᠴᠡᠬᠦ ᠶᠢ ᠪᠡᠶᠡᠯᠡᠭᠦᠯᠦᠨ᠎ᠡ︔ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢᠨ ᠠᠵᠢᠯ ᠤᠨ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠪᠠᠨ ᠣᠷᠣᠭᠤᠯᠬᠤ ᠶᠢᠨ ᠬᠠᠮᠲᠤ᠂ ᠡᠳ᠋ ᠤᠨ ᠬᠦᠴᠦᠨ ᠢᠶᠠᠨ ᠦᠨᠳᠦᠰᠦᠯᠡᠨ ᠪᠡᠯᠡ ᠣᠷᠤᠭᠤᠯᠤᠯᠲᠠ ᠶᠢ ᠴᠠᠭ ᠲᠤᠬᠠᠢ ᠳᠤ ᠨᠢ ᠨᠡᠮᠡᠭᠳᠡᠭᠦᠯᠬᠦ ᠬᠡᠷᠡᠭᠲᠡᠢ︔ ᠲᠤᠰᠬᠠᠢ ᠠᠰᠢᠭ ᠤᠨ ᠭᠦᠢᠴᠡᠳᠬᠡᠯ ᠲᠤᠭ᠎ᠠ ᠳᠤ ᠬᠤᠯᠪᠣᠭᠳᠠᠭᠰᠠᠨ ᠡᠯ᠎ᠡ ᠲᠥᠷᠥᠯ ᠤᠨ ᠲᠥᠰᠥᠯ ᠢ ᠬᠢᠨᠠᠨ ᠲᠣᠭᠲᠠᠭᠠᠬᠤ᠂ ᠴᠢᠳᠠᠪᠤᠷᠢᠲᠠᠨ ᠢ ᠦᠨᠡᠯᠡᠬᠦ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠵᠡᠷᠭᠡ ᠠᠵᠢᠯ ᠤᠨ ᠳᠤᠮᠳᠠ᠂ ᠲᠤᠰᠬᠠᠢ ᠠᠰᠢᠭ ᠢ ᠤᠯᠠᠷᠢᠭᠤᠯᠤᠭᠰᠠᠨ ᠦᠷ᠎ᠡ ᠠᠰᠢᠭ ᠢᠶᠠᠷ ᠴᠢᠬᠤᠯᠠ ᠯᠠᠪᠯᠠᠯᠲᠠ ᠪᠣᠯᠭᠠᠨ᠎ᠠ ᠁︾ 2 ᠳ᠋ᠤᠭᠠᠷ ᠰᠠᠷ᠎ᠠ ᠶᠢᠨ 21᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢᠨ ᠲᠣᠪᠴᠢᠶ᠎ᠠ︶᠎ ᠠᠴᠠ ︽ᠲᠤᠰᠬᠠᠢ ᠠᠰᠢᠭ ᠢ ᠤᠯᠠᠷᠢᠭᠤᠯᠤᠨ ᠬᠡᠷᠡᠭᠯᠡᠬᠦ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠢᠨᠵᠧᠨᠧᠷᠢᠩ ᠳᠤ ᠬᠦᠴᠦᠨ ᠨᠡᠮᠡᠷᠢᠯᠡᠬᠦ ᠲᠤᠬᠠᠢ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠪᠠ︶᠎ ᠢ ᠳᠠᠷᠤᠮᠠᠯᠯᠠᠨ ᠲᠠᠷᠬᠠᠭᠠᠪᠠ᠃    ︽ᠠᠷᠭ᠎ᠠ ᠬᠡᠮᠵᠢᠶ᠎ᠡ ᠨᠦᠭᠦᠳ︾᠎ ᠢ ᠦᠨᠳᠦᠰᠦᠯᠡᠪᠡᠯ᠂ 2025 ᠣᠨ ᠤ ᠰᠡᠭᠦᠯᠴᠢ ᠪᠣᠯᠬᠤ ᠳᠤ᠂ ᠪᠥᠬᠦ ᠣᠷᠣᠨ ᠤ ᠲᠤᠰᠬᠠᠢ ᠠᠰᠢᠭ ᠲᠤ ᠬᠤᠯᠪᠣᠭᠳᠠᠬᠤ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ ᠶᠢ 60 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭᠠᠨ ᠤ ᠲᠣᠭᠤᠷᠢᠨ ᠳᠤ ᠲᠤᠰᠬᠠᠢ ᠠᠰᠢᠭ ᠢ ᠰᠢᠯᠵᠢᠭᠦᠯᠦᠨ ᠤᠯᠠᠷᠢᠭᠤᠯᠬᠤ ᠲᠥᠪ ᠢ 5 ᠪᠠᠶᠢᠭᠤᠯᠤᠨ᠎ᠠ᠃ ᠭᠤᠣᠯᠳᠠᠯᠭ᠎ᠠ ᠲᠠᠢ ᠠᠵᠤ ᠦᠢᠯᠡᠰ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠥᠨᠳᠥᠷ ᠥᠷᠲᠡᠭᠲᠦ ᠲᠤᠰᠬᠠᠢ ᠠᠰᠢᠭ ᠢ ᠪᠤᠶᠢᠵᠢᠭᠤᠯᠤᠨ ᠪᠦᠲᠦᠭᠡᠨ᠎ᠡ᠃ 2025 ᠣᠨ ᠤ ᠡᠴᠦᠰ ᠪᠣᠯᠬᠤ ᠳᠤ᠂ ᠥᠨᠳᠥᠷ ᠥᠷᠲᠡᠭᠲᠦ ᠲᠤᠰᠬᠠᠢ ᠠᠰᠢᠭ ᠢ ᠪᠤᠶᠢᠵᠢᠭᠤᠯᠬᠤ ᠲᠥᠪ ᠢ 15 ᠪᠠᠶᠢᠭᠤᠯᠬᠤ ᠪᠠᠷ ᠵᠢᠱᠢᠵᠦ ᠪᠣᠢ᠃    ︽ᠠᠷᠭ᠎ᠠ ᠬᠡᠮᠵᠢᠶ᠎ᠡ ᠨᠦᠭᠦᠳ︾᠎ ᠢ 10 ᠬᠡᠰᠡᠭ ᠬᠤᠪᠢᠶᠠᠵᠤ᠂ 28 ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠬᠢᠴᠠᠯᠳᠤᠭᠤᠯᠤᠨ ᠬᠥᠭᠵᠢᠭᠦᠯᠬᠦ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ ᠶᠢᠨ ᠲᠣᠭᠤᠷᠢᠨ ᠳᠤ᠂ ᠲᠤᠰᠬᠠᠢ ᠠᠰᠢᠭ ᠢ ᠤᠯᠠᠷᠢᠭᠤᠯᠤᠨ ᠬᠡᠷᠡᠭᠯᠡᠬᠦ ᠶᠢᠨ ᠵᠠᠩᠭᠢᠯᠠᠭ᠎ᠠ ᠶᠢᠨ ᠲᠦᠭᠵᠢᠷᠡᠯ ᠢ ᠬᠦᠴᠦᠯᠡᠨ ᠨᠠᠪᠲᠠᠷᠡᠭᠦᠯᠵᠦ᠂ ᠨᠢᠭᠡ ᠪᠦᠯᠦᠭ ᠥᠨᠳᠥᠷ ᠥᠷᠲᠡᠭᠲᠦ ᠡᠭᠦᠳᠦᠯᠲᠡ ᠶᠢᠨ ᠲᠤᠰᠬᠠᠢ ᠠᠰᠢᠭ ᠢ ᠪᠤᠶᠢᠵᠢᠭᠤᠯᠤᠨ᠂ ᠨᠢᠭᠡ ᠪᠦᠯᠦᠭ ᠥᠨᠳᠥᠷ ᠥᠷᠲᠡᠭᠲᠦ ᠲᠤᠰᠬᠠᠢ ᠠᠰᠢᠭ ᠤᠨ ᠠᠵᠤ ᠦᠶᠢᠯᠡᠰᠵᠢᠯᠲᠡ ᠶᠢ ᠪᠡᠶᠡᠯᠡᠭᠦᠯᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠨᠠᠩ ᠬᠦᠴᠦᠲᠡᠢ ᠲᠤᠰᠠᠯᠠᠮᠵᠢ ᠪᠠ ᠪᠠᠲᠤᠯᠠᠭ᠎ᠠ ᠬᠠᠩᠭᠠᠨ᠎ᠠ᠃    ᠲᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢᠨ ᠲᠣᠪᠴᠢᠶ᠎ᠠ︶᠎ ᠨᠢ ᠳᠠᠭᠠᠭᠤᠯᠤᠭᠴᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠨ᠂ ︽ᠠᠷᠭ᠎ᠠ ᠬᠡᠮᠵᠢᠶ᠎ᠡ ᠨᠦᠭᠦᠳ︾᠎ ᠢ ᠪᠣᠳᠠᠲᠠᠶᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠬᠦᠴᠦ ᠪᠠᠨ ᠬᠠᠮᠲᠤᠳᠬᠠᠨ ᠠᠬᠢᠭᠤᠯᠵᠠᠭᠠᠨ᠎ᠠ᠃ ᠲᠤᠰᠬᠠᠢ ᠠᠰᠢᠭ ᠢ ᠤᠯᠠᠷᠢᠭᠤᠯᠤᠨ ᠬᠡᠷᠡᠭᠯᠡᠬᠦ ᠶᠢᠨ ᠬᠦᠴᠦᠯᠡᠬᠦ ᠴᠡᠭ ᠪᠠ ᠲᠤᠰᠤᠯᠲᠠ ᠶᠢ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠳᠡᠭᠡᠷ᠎ᠡ ᠲᠠᠯᠪᠢᠵᠤ᠂ ᠭᠤᠣᠯᠳᠠᠯᠭ᠎ᠠ ᠲᠠᠢ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢᠨ ᠬᠡᠯᠬᠢᠶ᠎ᠡ ᠶᠢ ᠴᠢᠩᠭᠠᠳᠬᠠᠨ ᠦᠷ᠎ᠡ ᠠᠰᠢᠭ ᠨᠡᠮᠡᠭᠳᠡᠭᠦᠯᠬᠦ ᠶᠢ ᠠᠬᠢᠭᠤᠯᠤᠨ᠎ᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1