ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/13
    2 ᠰᠠᠷ᠎ᠠ ᠶᠢᠨ 29᠎ ᠤ ᠡᠳᠦᠷ᠂ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦ ᠱᠤᠸᠠᠩ ᠬᠤᠷᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᠢᠦᠢ ᠭᠠᠩ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠵᠤ ᠲᠤᠰᠢᠶᠠᠯ ᠳᠤ ᠲᠣᠮᠢᠯᠠᠬᠤ ᠪᠠ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾᠎ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾᠎ ᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ ᠬᠢᠨᠠᠯᠲᠠ ᠲᠠᠯᠪᠢᠵᠤ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷ ᠢ ᠱᠠᠯᠠᠪᠳᠠᠭᠤᠯᠤᠨ ᠱᠠᠭᠠᠷᠳᠠᠵᠤ ᠪᠠᠶᠢᠭᠠᠳ ᠴᠢᠩᠭ᠎ᠠ ᠠᠳᠬᠤᠵᠤ ᠲᠦᠷᠭᠡᠨ ᠠᠵᠢᠯᠯᠠᠭᠤᠯᠵᠤ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠢ ᠨᠡᠭᠡᠭᠡᠨ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠶᠢᠨ ᠵᠠᠭᠠᠭ ᠱᠤᠭᠤᠮ ᠢ ᠴᠢᠩᠭ᠎ᠠ ᠰᠠᠬᠢᠵᠤ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠳᠤ ᠴᠢᠩᠭ᠎ᠠ ᠲᠦᠰᠢᠭᠯᠡᠨ ᠠᠵᠢᠯ ᠢᠶᠠᠨ ᠥᠷᠨᠢᠭᠦᠯᠵᠦ᠂ ᠠᠳᠠᠯᠢ ᠰᠡᠳᠦᠪ ᠢ ᠬᠠᠮᠲᠤ ᠪᠠᠷ ᠬᠠᠷᠢᠭᠤᠯᠵᠤ᠂ ᠠᠳᠠᠯᠢ ᠴᠢᠭᠯᠡᠯ ᠢᠶᠠᠷ ᠬᠦᠴᠦᠯᠡᠬᠦ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1