ᠥᠪᠥᠷ ᠮᠣᠩᠭᠤᠯ ᠤᠨ ᠴᠤᠤᠯ ᠭᠤᠣᠯ ᠤᠨ ᠤᠰᠤ ᠶᠢ ᠲᠠᠲᠠᠵᠤ ᠯᠢᠶᠣᠣ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ 9 ᠵᠣᠷᠪᠤᠰ ᠰᠠᠯᠪᠤᠷᠢ ᠱᠤᠭᠤᠮ ᠢ ᠪᠦᠬᠦ ᠲᠠᠯ᠎ᠠ ᠪᠠᠷ ᠪᠠᠷᠢᠯᠭ᠎ᠠ ᠡᠬᠢᠯᠡᠭᠦᠯᠪᠡ
ᠨᠡᠶᠢᠲᠡᠯᠡᠭᠰᠡᠨ ᠴᠠᠭ᠄
2024/3/13
    ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2024 ᠣᠨ ᠤ 1 ᠳ᠋ᠦ᠋ᠭᠡᠷ ᠰᠠᠷ᠎ᠠ ᠪᠣᠯᠲᠠᠯ᠎ᠠ᠂ ᠴᠤᠤᠯ ᠭᠤᠣᠯ ᠤᠨ ᠤᠰᠤ ᠶᠢ ᠲᠠᠲᠠᠵᠤ ᠯᠢᠶᠣᠣ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ 9 ᠵᠣᠷᠪᠤᠰ ᠰᠠᠯᠪᠤᠷᠢ ᠱᠤᠭᠤᠮ ᠢ ᠪᠥᠬᠦ ᠲᠠᠯ᠎ᠠ ᠪᠠᠷ ᠪᠠᠷᠢᠯᠭ᠎ᠠ ᠡᠬᠢᠯᠡᠭᠦᠯᠵᠦ᠂ ᠠᠷᠠᠳ ᠢ ᠰᠢᠯᠵᠢᠭᠦᠯᠦᠨ ᠭᠠᠵᠠᠷ ᠲᠠᠲᠠᠪᠤᠷᠢᠯᠠᠬᠤ ᠠᠵᠢᠯ ᠢ ᠨᠢᠭᠡᠨᠲᠡ ᠦᠨᠳᠦᠰᠦᠨ ᠳᠤ ᠪᠠᠨ ᠳᠠᠭᠤᠰᠬᠠᠵᠠᠢ᠃ 187 ᠺᠢᠯᠣᠮᠧᠳ᠋ᠷ ᠬᠤᠭᠤᠯᠠᠢ ᠶᠢᠨ ᠮᠠᠲ᠋ᠧᠷᠢᠶᠠᠯ ᠦᠢᠯᠡᠳᠪᠦᠷᠢᠯᠡᠵᠦ᠂ 122 ᠺᠢᠯᠤᠮᠧᠲᠷ ᠬᠤᠭᠤᠯᠠᠢ ᠱᠤᠭᠤᠮ ᠢ ᠳᠡᠪᠢᠰᠴᠦ᠂ ᠪᠠᠷᠢᠯᠭ᠎ᠠ ᠳᠤ ᠨᠡᠶᠢᠲᠡ 17.96 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ 31%᠎ ᠳᠤ ᠬᠥᠷᠪᠡ᠃    ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠵᠢᠴᠢ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠦᠨᠳᠡᠭᠡᠨ ᠴᠥᠭᠦᠷᠥᠮ ᠢᠶᠠᠷ ᠳᠠᠮᠵᠢᠭᠤᠯᠤᠨ ᠴᠤᠤᠯ ᠭᠤᠣᠯ ᠤᠨ ᠤᠰᠤ ᠶᠢ ᠲᠣᠬᠢᠷᠠᠭᠤᠯᠪᠠᠯ᠂ ᠴᠤᠤᠯ ᠭᠤᠣᠯ ᠤᠨ ᠳᠣᠣᠷᠠᠳᠤ ᠤᠷᠤᠰᠬᠠᠯ ᠤᠨ ᠲᠠᠷᠢᠶᠠᠯᠠᠩ ᠤᠨ ᠤᠰᠤᠯᠠᠯᠲᠠ ᠶᠢᠨ ᠨᠥᠬᠦᠴᠡᠯ ᠢ ᠰᠠᠶᠢᠵᠢᠷᠠᠭᠤᠯᠵᠤ᠂ ᠤᠰᠤ ᠳᠠᠮᠵᠢᠭᠤᠯᠬᠤ ᠵᠠᠮ ᠳᠠᠭᠠᠤ ᠶᠢᠨ ᠬᠤᠲᠠ ᠵᠢᠴᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠤᠰᠤ ᠬᠠᠩᠭᠠᠵᠤ᠂ ᠤᠰᠤ ᠬᠦᠯᠢᠶᠡᠨ ᠠᠪᠬᠤ ᠣᠷᠣᠨ ᠤ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤᠨ ᠤ ᠠᠰᠠᠭᠤᠳᠠᠯ ᠢ ᠰᠢᠢᠳᠪᠦᠷᠢᠯᠡᠨ᠂ ᠲᠦᠩᠯᠢᠶᠣᠣ ᠣᠷᠣᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠪᠠᠶᠢᠳᠠᠯ ᠢ ᠪᠦᠲᠦᠮᠵᠢᠲᠡᠶ ᠪᠠᠷ ᠨᠠᠮᠳᠠᠭᠤᠯᠬᠤ ᠪᠣᠯᠣᠨ᠎ᠠ᠃ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠥᠷᠭᠦᠯᠵᠢᠯᠡᠬᠦ᠋ᠢᠴᠡ ᠬᠥᠭᠵᠢᠯᠲᠡ ᠪᠠ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠢ ᠰᠡᠷᠭᠦᠭᠡᠬᠦ ᠠᠬᠢᠴᠠ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1