ᠶᠤᠸᠠᠨ ᠪᠦᠦ ᠱᠠᠨ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ︽3 · 12᠎ ᠤᠨ ᠮᠣᠳᠣ ᠳᠠᠷᠢᠬᠤ ᠪᠠᠶᠠᠷ︾᠎ ᠤᠨ ᠭᠤᠣᠯ ᠰᠡᠳᠦᠪᠲᠦ ᠤᠬᠠᠭᠤᠯᠭ᠎ᠠ ᠶᠢᠨ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/3/13
    3 ᠰᠠᠷ᠎ᠠ ᠶᠢᠨ 12᠎ ᠤᠨ ᠡᠳᠦᠷ ᠪᠣᠯ 46 ᠳ᠋ᠤᠭᠠᠷ ᠮᠣᠳᠣ ᠳᠠᠷᠢᠬᠤ ᠪᠠᠶᠠᠷ ᠤᠨ ᠡᠳᠦᠷ ᠪᠣᠯᠣᠨ᠎ᠠ᠂ ᠲᠣᠰ ᠡᠳᠦᠷ ᠤᠨ ᠦᠳᠡ ᠶᠢᠨ ᠡᠮᠦᠨ᠎ᠡ᠂ ᠶᠤᠸᠠᠨ ᠪᠦᠦ ᠱᠠᠨ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠫᠢᠩᠵᠤᠸᠠᠩ ᠶᠢᠨ ᠾᠧ ᠲᠠᠯᠠᠪᠠᠶ ᠳᠤ ︽ᠮᠣᠳᠣ ᠳᠠᠷᠢᠬᠤ ᠡᠭᠦᠷᠭᠡ ᠪᠠᠨ ᠭᠦᠢᠴᠡᠳᠬᠡᠵᠦ ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠬᠠᠮᠲᠤ ᠪᠠᠷ ᠪᠦᠲᠦᠭᠡᠨ ᠪᠠᠶᠢᠭᠤᠯᠤᠶ᠎ᠠ︾ ᠭᠡᠬᠦ 3 · 12᠎ ᠤᠨ ᠮᠣᠳᠣ ᠳᠠᠷᠢᠬᠤ ᠪᠠᠶᠠᠷ ᠤᠨ ᠭᠤᠣᠯ ᠰᠡᠳᠦᠪᠲᠦ ᠤᠬᠠᠭᠤᠯᠭ᠎ᠠ ᠶᠢᠨ ᠬᠥᠳᠡᠯᠭᠡᠭᠡᠨ ᠥᠷᠨᠢᠭᠦᠯᠪᠡ᠃
1_副本.jpg
2_副本.jpg
       ᠬᠥᠳᠡᠯᠭᠡᠭᠡᠨ ᠤ ᠲᠤᠬᠠᠢ ᠶᠢᠨ ᠲᠠᠯᠠᠪᠠᠢ ᠳᠤ ᠤᠬᠠᠭᠤᠯᠭ᠎ᠠ ᠶᠢᠨ ᠰᠠᠮᠪᠠᠷ᠎ᠠ ᠲᠠᠯᠪᠢᠬᠤ ᠂ ᠬᠥᠨᠳᠡᠯᠡᠨ ᠪᠢᠴᠢᠭᠡᠰᠦ ᠡᠯᠭᠦᠬᠦ ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠂ ᠤᠯᠠᠨ ᠲᠦᠮᠡᠨ ᠳᠤ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠨᠠᠢᠮᠠᠨ ᠵᠦᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠪᠣᠯᠣᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠠᠨᠢᠯᠴᠠᠭᠤᠯᠵᠤ᠂ ᠣᠶᠢᠵᠢᠭᠤᠯᠵᠤ ᠡᠪᠡᠰᠦ ᠲᠠᠷᠢᠬᠤ ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠡᠷᠭᠡ ᠬᠤᠯᠪᠣᠭᠳᠠᠯ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠥᠷᠭᠡᠨ ᠤᠯᠠᠨ ᠰᠠᠭᠤᠭᠠᠯᠢ ᠠᠷᠠᠳ ᠢ ᠢᠳᠡᠪᠬᠢᠲᠡᠢ ᠬᠥᠳᠡᠯᠦᠯᠴᠡᠵᠦ ᠂ ︽ ᠪᠣᠬᠢᠷᠲᠤᠯ ᠦᠭᠡᠢ ᠎ ᠶᠢᠨ ᠳᠠᠮᠵᠢᠭᠤᠯᠤᠭᠴᠢ ︾ ᠪᠣᠯᠬᠤ ᠪᠠᠷ ᠴᠢᠷᠮᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠨᠡᠩ ᠤᠯᠠᠨ ᠬᠥᠮᠥᠰ ᠢ ᠲᠠᠶᠢᠴᠢᠯᠠᠨ ᠣᠶᠢᠵᠢᠭᠤᠯᠤᠨ ᠨᠣᠭᠤᠭᠠᠷᠠᠭᠤᠯᠵᠤ᠂ ᠠᠮᠢ ᠠᠬᠤᠢ ᠶᠢ ᠬᠠᠮᠠᠭᠠᠯᠠᠬᠤ ᠶᠢ ᠰᠠᠨᠠᠭᠠᠴᠢᠯᠠᠪᠠ᠃    ᠲᠤᠰ ᠤᠳᠠᠭᠠᠨ ᠤ ᠬᠥᠳᠡᠯᠭᠡᠭᠡᠨ ᠨᠢ ᠶᠤᠸᠠᠨ ᠪᠦᠦ ᠱᠠᠨ ᠲᠣᠭᠤᠷᠢᠭ ᠤᠨ ᠣᠯᠠᠨ ᠲᠦᠮᠡᠨ ᠤ ᠳᠤᠮᠳᠠ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠥᠳᠡᠯᠭᠡᠭᠡᠨ ᠢ ᠥᠷᠭᠡᠨ ᠢᠶᠠᠷ ᠤᠬᠠᠭᠤᠯᠵᠤ ᠂ ᠪᠦᠬᠦ ᠠᠷᠠᠳ ᠢᠶᠠᠷ ᠢᠶᠠᠨ ᠨᠣᠭᠤᠭᠠᠷᠠᠭᠤᠯᠬᠤ ᠂ ᠨᠣᠮᠢᠨ ᠨᠣᠭᠤᠭᠠᠨ ᠤᠢ ᠮᠤᠳᠤ ᠶᠢ ᠬᠠᠮᠠᠭᠠᠯᠠᠬᠤ᠂ ᠡᠬᠡ ᠪᠠᠶᠢᠭᠠᠯᠢ ᠳᠤ ᠨᠣᠮᠢᠨ ᠨᠣᠭᠤᠭᠠᠨ ᠥᠩᠭᠡ ᠨᠡᠮᠡᠷᠢᠯᠡᠬᠦ ᠵᠡᠷᠭᠡ ᠠᠮᠢ ᠠᠬᠤᠢ ᠶᠢᠨ ᠪᠣᠯᠪᠠᠰᠤᠨ ᠤ ᠤᠬᠠᠮᠰᠠᠷ ᠪᠣᠯᠣᠨ ᠠᠯᠪᠠᠨ ᠵᠢᠷᠤᠮ ᠤᠨ ᠮᠣᠳᠣ ᠲᠠᠷᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢ ᠳᠡᠭᠡᠭᠰᠢᠯᠡᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠭᠰᠠᠨ ᠪᠥᠭᠡᠳ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠢᠳᠡᠪᠬᠢᠲᠡᠢ ᠣᠷᠤᠯᠴᠠᠨ᠂ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠰᠢᠨ᠎ᠡ ᠶᠤᠸᠠᠨ ᠪᠣᠥ ᠱᠠᠨ ᠢ ᠬᠠᠮᠲᠤᠪᠠᠷ ᠪᠠᠶᠢᠭᠤᠯᠵᠤ ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢ ᠢᠳᠡᠪᠬᠢᠲᠠᠢ ᠳᠠᠶᠢᠴᠢᠯᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1