ᠶᠤᠸᠠᠨ ᠪᠦᠦ ᠱᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠭᠠᠯ ᠢ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/3/13
    1_副本.jpg
       3 ᠳ᠋ᠤᠭᠠᠷ ᠰᠠᠷ᠎ᠠ ᠶᠢᠨ 11᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠥᠪᠥᠷ ᠮᠣᠩᠭᠤᠯ ᠤᠨ ᠤᠯᠤᠰ ᠤᠨ ᠠᠮᠤᠷ ᠲᠦᠪᠰᠢᠨ ᠤ ᠭᠠᠯ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ ᠶᠢᠨ ᠲᠥᠪ ᠤᠨ ᠠᠵᠢᠯᠲᠠᠨ ᠢ ᠤᠷᠢᠵᠤ ᠪᠥᠬᠦ ᠠᠵᠢᠯᠲᠠᠳ ᠲᠤ ᠡᠳᠦᠷ ᠲᠤᠲᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠬᠢᠯᠭᠡᠵᠦ ᠂ ᠠᠵᠢᠯᠲᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠵᠢᠴᠢ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠨ᠂ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃    ᠪᠣᠯᠪᠠᠰᠤᠷᠠᠯ ᠨᠢ ︽ᠭᠠᠯ ᠤᠨᠲᠠᠷᠠᠭᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠢ ᠨᠠᠶᠢᠳᠠᠪᠤᠷᠢᠵᠢᠭᠤᠯᠬᠤ︾᠎ ᠪᠠᠷ ᠭᠤᠣᠯ ᠰᠡᠳᠦᠪ ᠪᠣᠯᠭᠠᠵᠤ᠂ ᠣᠶᠢᠷ᠎ᠠ ᠶᠢᠨ ᠬᠤᠭᠤᠴᠠᠭᠠᠨ ᠳᠤ ᠪᠦᠬᠦ ᠤᠯᠤᠰ ᠲᠤ ᠭᠠᠷᠤᠭᠰᠠᠨ ᠭᠠᠯ ᠠᠯᠳᠠᠭᠰᠠᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠠᠯ ᠤᠨᠲᠠᠷᠠᠭᠠᠬᠤ ᠡᠳᠦᠷ ᠲᠤᠲᠤᠮ ᠤᠨ ᠪᠠᠶᠢᠴᠠᠭᠠᠯᠲᠠ᠂ ᠠᠵᠢᠯ ᠠᠮᠢᠳᠤᠷᠠᠯ ᠤᠨ ᠳᠤᠮᠳᠠᠬᠢ ᠭᠠᠯ ᠤᠨᠲᠠᠷᠠᠭᠠᠬᠤ ᠭᠡᠮ ᠰᠤᠭᠤᠭ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠵᠥᠪ ᠬᠡᠷᠡᠭᠯᠡᠬᠦ᠂ ᠭᠠᠯ ᠤᠨᠲᠠᠷᠠᠭᠠᠬᠤ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠭᠠᠬᠤ᠂ ᠤᠷᠢᠳᠴᠢᠯᠠᠨ ᠰᠡᠷᠭᠡᠶᠢᠯᠡᠬᠦ ᠵᠢᠴᠢ ᠲᠠᠷᠬᠠᠭᠠᠵᠤ ᠠᠮᠢ ᠵᠢᠭᠤᠲᠠᠭᠤᠯᠬᠤ ᠦᠨᠳᠦᠰᠦᠨ ᠶᠡᠷᠦ ᠶᠢᠨ ᠮᠡᠳᠡᠯᠭᠡ ᠵᠡᠷᠭᠡ ᠲᠠᠯ᠎ᠠ ᠪᠠᠷ ᠲᠠᠶᠢᠯᠤᠮᠵᠢ ᠬᠢᠵᠡᠢ᠃ ᠡᠭᠦᠨ ᠤ ᠬᠠᠮᠲᠤ ᠠᠮᠤᠷ ᠲᠦᠪᠰᠢᠨ ᠤ ᠰᠡᠷᠡᠮᠵᠢ ᠶᠢᠨ ᠸᠢᠳᠢᠤ᠋ ᠶᠢ ᠦᠵᠡᠵᠦ ᠂ ᠲᠤᠬᠠᠢ ᠶᠢᠨ ᠲᠠᠯᠠᠪᠠᠢ ᠳᠤ ᠭᠠᠯ ᠤᠨᠲᠠᠷᠠᠭᠠᠭᠤᠷ ᠂ ᠭᠠᠯ ᠤᠨᠲᠠᠷᠠᠭᠠᠬᠤ ᠬᠡᠪᠢᠰ ᠢ ᠬᠡᠷᠡᠭᠯᠡᠬᠦ ᠠᠷᠭ᠎ᠠ ᠶᠢ ᠦᠵᠡᠭᠦᠯᠪᠡ ᠃ ᠪᠣᠯᠪᠠᠰᠤᠷᠠᠯ ᠤᠨ ᠶᠠᠪᠤᠴᠠ ᠳᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠵᠢᠯᠲᠠᠳ ᠬᠢᠭᠡᠳ ᠤᠬᠠᠭᠤᠯᠤᠨ ᠲᠠᠶᠢᠯᠪᠤᠷᠢᠯᠠᠭᠴᠢ ᠢᠳᠡᠪᠬᠢᠲᠡᠢ ᠪᠠᠷ ᠬᠠᠷᠢᠯᠴᠠᠨ ᠬᠥᠳᠡᠯᠦᠯᠴᠡᠵᠦ᠂ ᠭᠠᠯ ᠤᠨᠲᠠᠷᠠᠭᠠᠬᠤ ᠣᠯᠠᠨ ᠵᠦᠢᠯ ᠤᠨ ᠮᠡᠷᠭᠡᠵᠢᠯ ᠴᠢᠳᠠᠪᠤᠷᠢ ᠶᠢ ᠪᠣᠯᠪᠠᠰᠤᠷᠠᠩᠭᠤᠢ ᠡᠵᠡᠮᠰᠢᠵᠦ᠂ ᠭᠠᠯ ᠤᠨᠲᠠᠷᠠᠭᠠᠬᠤ ᠬᠠᠤᠯᠢ ᠳᠦᠷᠢᠮ ᠤᠨ ᠦᠵᠡᠯᠲᠡ ᠪᠠ ᠭᠠᠯ ᠢ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠢ ᠨᠡᠮᠡᠭᠳᠡᠭᠦᠯᠦᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠵᠢᠯᠲᠠᠳ ᠤᠨ ᠭᠠᠯ ᠤᠨ ᠭᠠᠮᠰᠢᠭ ᠢ ᠡᠰᠡᠷᠭᠦᠴᠡᠬᠦ ᠴᠢᠳᠠᠪᠤᠷᠢ ᠪᠠ ᠠᠮᠢ ᠵᠢᠭᠤᠲᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠪᠡ᠃    ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠠᠰᠠᠭᠤᠳᠠᠯ ᠤᠨ ᠤᠳᠤᠷᠢᠳᠤᠮᠵᠢ ᠶᠢ ᠦᠷᠭᠦᠯᠵᠢᠯᠡᠨ ᠳᠣᠪᠤᠶᠢᠯᠭᠠᠵᠤ᠂ ᠲᠤᠷᠰᠢᠯᠲᠠ ᠶᠢᠨ ᠲᠠᠰᠤᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠳᠬᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠡᠷᠴᠢᠮ ᠪᠠ ᠭᠡᠮ ᠰᠤᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠭᠠᠯ ᠤᠨ ᠭᠠᠮᠰᠢᠭ ᠤᠨ ᠭᠡᠮ ᠰᠤᠭᠤᠭ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠴᠢᠩᠭᠠᠳᠬᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠵᠢᠯᠲᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠦᠨ ᠥᠭᠴᠦ᠂ ᠡᠯ᠎ᠡ ᠲᠥᠷᠥᠯ ᠤᠨ ᠭᠠᠯ ᠤᠨ ᠭᠠᠮᠰᠢᠭ ᠤᠨ ᠠᠳᠡᠯ ᠭᠠᠷᠬᠤ ᠶᠢ ᠡᠷᠡᠰ ᠰᠡᠷᠭᠡᠶᠢᠯᠡᠨ᠎ᠡ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1