ᠶᠤᠸᠠᠨ ᠪᠦᠦ ᠱᠠᠨ ᠲᠣᠭᠤᠷᠢᠭ 2024 ᠣᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/14
   
1_副本.jpg
       3 ᠰᠠᠷ᠎ᠠ ᠶᠢᠨ 13᠎ ᠤ ᠡᠳᠦᠷ᠂ ᠶᠤᠸᠠᠨ ᠪᠦᠦ ᠱᠠᠨ ᠲᠣᠭᠤᠷᠢᠭ 2024 ᠣᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠭᠤᠯᠪᠠ ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠯᠢ ᠲᠤᠸ ᠬᠤᠷᠠᠯ ᠳᠤ ᠰᠠᠭᠠᠲᠠᠵᠤ ᠶᠠᠷᠢᠶ᠎ᠠ ᠲᠠᠯᠪᠢᠪᠠ᠃ ᠡᠯ᠎ᠡ ᠪᠠᠯᠭᠠᠰᠤ ᠰᠢᠶᠠᠩ ᠵᠡᠭᠡᠯᠢ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠨᠢᠭᠡᠳᠦᠮᠡᠯ ᠹᠷᠣᠨᠲ ᠤᠨ ᠭᠡᠰᠢᠭᠦᠨ ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠤᠭᠠᠨ ᠤ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠪᠠ ᠃    ᠬᠤᠷᠠᠯ ᠠᠴᠠ ᠪᠦᠬᠦ ᠤᠯᠤᠰ ᠂ ᠥᠪᠡᠷᠲᠡᠭᠡᠨ ᠵᠠᠰᠠᠬᠤ ᠣᠷᠣᠨ ᠂ ᠤᠯᠠᠭᠠᠨᠬᠠᠳᠠ ᠬᠤᠳᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠤᠨ 2024 ᠣᠨ ᠤ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2023 ᠣᠨ ᠤ ᠨᠢᠭᠡᠳᠦᠮᠡᠯ ᠹᠷᠣᠨᠲ ᠤᠨ ᠠᠵᠢᠯ ᠢ ᠳ᠋ᠦᠩᠨᠡᠬᠦ ᠶᠢᠨ ᠬᠠᠮᠲᠤ 2024 ᠣᠨ ᠤ ᠠᠵᠢᠯ ᠤᠨ ᠡᠭᠦᠷᠭᠡ ᠶᠢ ᠪᠠᠶᠢᠷᠢᠯᠠᠭᠤᠯᠪᠠ ︔ 2023 ᠣᠨ ᠤ ᠪᠦᠬᠦ ᠲᠣᠭᠤᠷᠢᠭ ᠤᠨ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠠᠵᠢᠯ ᠤᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠢ ᠵᠠᠷᠯᠠᠨ ᠬᠥᠬᠢᠭᠦᠯᠪᠡ ᠃    ᠬᠤᠷᠠᠯ ᠠᠴᠠ ᠂ ᠪᠦᠬᠦ ᠲᠣᠭᠤᠷᠢᠭ ᠤᠨ ᠨᠢᠭᠡᠳᠦᠮᠡᠯ ᠹᠷᠣᠨᠲ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠬᠤᠳᠠ ᠶᠢᠨ ᠨᠠᠮ ᠤᠨ ᠬᠤᠷᠢᠶ᠎ᠠ ᠪᠠ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠦᠷᠭᠦᠯᠵᠢᠯᠡᠨ ᠴᠢᠩᠭᠠᠳᠬᠠᠵᠤ ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ ᠂ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠡᠯ᠎ᠡ ᠵᠦᠢᠯ ᠤᠨ ᠡᠭᠦᠷᠭᠡ ᠲᠠᠢ ᠨᠢᠭᠲᠠ ᠤᠶᠠᠯᠳᠤᠭᠤᠯᠤᠨ ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠲᠡᠢ ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠂ ︽ ᠨᠢᠭᠡ ᠬᠤᠳᠠ ᠭᠤᠷᠪᠠᠨ ᠰᠠᠭᠤᠷᠢᠨ ︾᠎ ᠤ ᠪᠦᠲᠦᠭᠡᠨ ᠪᠠᠶᠢᠭᠤᠯᠤᠯᠲᠠ ᠪᠣᠯᠣᠨ ︽ ᠳᠥᠷᠪᠡ ᠶᠢ ᠲᠠᠬᠢᠨ ᠪᠤᠢ ᠪᠣᠯᠭᠠᠬᠤ︾ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠳᠤ ᠬᠠᠮᠤᠭ ᠤᠨ ᠭᠤᠶᠤ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠵᠢᠷᠤᠵᠤ ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠴᠠᠭ ᠦᠶ᠎ᠡ ᠶᠢᠨ ᠰᠢᠨ᠎ᠡ ᠶᠤᠸᠠᠨ ᠪᠣᠥ ᠱᠠᠨ ᠢ ᠪᠦᠲᠦᠭᠡᠨ ᠪᠠᠶᠢᠭᠤᠯᠬᠤ ᠳᠤ ᠨᠡᠩ ᠶᠡᠭᠡ ᠨᠢᠭᠡᠳᠦᠮᠡᠯ ᠹᠷᠣᠨᠲ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1