ᠶᠤᠸᠠᠨ ᠪᠦᠦ ᠱᠠᠨ ᠲᠣᠭᠤᠷᠢᠭ 2024 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/14
   
1_副本.jpg
       3 ᠰᠠᠷ᠎ᠠ ᠶᠢᠨ 13᠎ ᠤ ᠡᠳᠦᠷ᠂ ᠶᠤᠸᠠᠨ ᠪᠦᠦ ᠱᠠᠨ ᠲᠣᠭᠤᠷᠢᠭ 2024 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠫᠧᠩ ᠰᠢᠶᠣᠣ ᠵᠢᠤᠸᠠᠨ ᠬᠤᠷᠠᠯ ᠳᠤ ᠰᠠᠭᠠᠲᠠᠨ ᠶᠠᠷᠢᠶ᠎ᠠ ᠲᠠᠯᠪᠢᠵᠤ ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠂ ᠡᠯ᠎ᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠯᠪᠠᠨ ᠭᠡᠷ ᠤᠨ ᠡᠷᠬᠢᠯᠡᠭᠴᠢ ᠂ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠂ ᠨᠠᠮ ᠤᠨ ᠠᠵᠢᠯ ᠤᠨ ᠠᠵᠢᠯᠲᠠᠨ ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠦᠬᠦ ᠺᠠᠳ᠋ᠷ ᠠᠵᠢᠯᠲᠠᠨ ᠬᠤᠷᠠᠯ ᠳᠤ ᠣᠷᠣᠯᠴᠠᠵᠠᠢ ᠃    ᠬᠤᠷᠠᠯ ᠠᠴᠠ 2023 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠪᠥᠬᠦ ᠲᠠᠯ᠎ᠠ ᠪᠠᠷ ᠳ᠋ᠦᠩᠨᠡᠭᠰᠡᠨ ᠪᠥᠭᠡᠳ ᠲᠥᠷᠥᠯ ᠵᠦᠢᠯ ᠤᠨ ᠪᠠᠶᠢᠭᠤᠯᠤᠯᠲᠠ᠂ ︽ᠡᠷᠡᠭᠦᠯ ᠮᠡᠨᠳᠦ ᠶᠤᠸᠠᠨ ᠪᠣᠥ ᠱᠠᠨ︾ ᠎ ᠤ ᠠᠵᠢᠯᠯᠠᠭ᠎ᠠ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ 2024 ᠣᠨ ᠤ ᠠᠵᠢᠯ ᠳᠤ ᠪᠣᠳᠠᠲᠠᠢ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠵᠡᠢ     ᠬᠤᠷᠠᠯ ᠠᠴᠠ ᠴᠢᠬᠤᠯᠠᠴᠢᠯᠠᠭᠰᠠᠨ ᠎ ᠨᠢ᠂ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠢ ᠶᠢᠨ ᠬᠢᠨ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠬᠦ ᠪᠠ ︽ᠰᠢᠨ᠎ᠡ ᠵᠠᠮ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠷᠡᠭᠦᠯ ᠮᠡᠨᠳᠦ ᠶᠢᠨ ᠠᠵᠢᠯᠯᠠᠭ᠎ᠠ ᠪᠠ ᠡᠷᠡᠭᠦᠯ ᠮᠡᠨᠳᠦ ᠶᠢᠨ ᠡᠰ ᠤᠨ ᠪᠠᠶᠢᠭᠤᠯᠤᠯᠲᠠ ᠎ ᠶᠢ ᠠᠬᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠰᠢᠶᠠᠨ ᠤ ᠬᠡᠪᠴᠢᠶᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠎ ᠶᠢ ᠴᠢᠩᠭᠠᠳᠬᠠᠵᠤ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠣᠨᠴᠠᠯᠢᠭᠲᠤ ᠳᠠᠪᠠᠭᠤᠯᠢᠭ ᠎ ᠢ ᠭᠦᠢᠴᠡᠳ ᠪᠠᠳᠠᠷᠠᠭᠤᠯᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠡᠯ᠎ᠡ ᠵᠦᠢᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠵᠣᠷᠢᠭ ᠰᠠᠨᠠᠭ᠎ᠠ ᠪᠠᠨ ᠬᠥᠪᠴᠢᠯᠡᠨ ᠡᠷᠴᠢ ᠵᠣᠷᠢᠭ ᠢᠶᠠᠨ ᠪᠠᠳᠠᠷᠠᠭᠤᠯᠵᠤ ᠂ 2024 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠭᠦᠷᠭᠡ ᠶᠢ ᠨᠠᠩ ᠢᠯᠡᠭᠦᠦ ᠥᠭᠡᠳᠡᠯᠡᠨ ᠳᠠᠪᠰᠢᠬᠤ ᠳᠦᠷᠢ ᠲᠥᠷᠬᠦ ᠪᠠᠷ ᠰᠠᠶᠢᠲᠤᠷ ᠬᠢᠵᠦ᠂ ᠮᠠᠨ ᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ  ᠪᠢᠴᠢᠭᠯᠡᠬᠦ ᠬᠡᠷᠡᠭᠲᠡᠢ ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1