ᠶᠤᠸᠠᠨ ᠪᠦᠦ ᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠦᠬᠦ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠠᠵᠢᠯᠲᠠᠳ ᠤᠨ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2024/3/14
    1_副本.jpg
       3 ᠰᠠᠷ᠎ᠠ ᠶᠢᠨ 12᠎ ᠤᠨ ᠡᠳᠦᠷ ᠠᠴᠠ 13᠎ ᠤ ᠡᠳᠦᠷ ᠪᠣᠯᠲᠠᠯ᠎ᠠ᠂ ᠶᠤᠸᠠᠨ ᠪᠦᠦ ᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠥᠬᠦ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠡᠳ᠋ ᠤᠨ ᠶᠠᠪᠤᠳᠠᠯ ᠤᠨ ᠨᠢᠭᠲᠠᠯᠠᠨ ᠪᠣᠳᠤᠬᠤ ᠠᠵᠢᠯᠲᠠᠳ ᠢ ᠵᠣᠬᠢᠶᠠᠨ ᠪᠠᠶᠢᠭᠤᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠵᠦ᠂ ᠡᠳ᠋ ᠤᠨ ᠶᠠᠪᠤᠳᠠᠯ ᠤᠨ ᠨᠢᠭᠲᠠᠯᠠᠨ ᠪᠣᠳᠤᠬᠤ ᠠᠵᠢᠯᠲᠠᠳ ᠤᠨ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ᠂ ᠳᠦᠷᠢᠮ ᠶᠣᠰᠣᠭᠠᠷ ᠠᠵᠢᠯ ᠶᠠᠪᠤᠳᠠᠯ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠠᠶᠢᠨ ᠰᠠᠶᠢᠬᠠᠨ ᠠᠵᠢᠯ ᠤᠨ ᠰᠤᠷᠲᠠᠯ ᠢ ᠬᠥᠮᠥᠵᠢᠭᠦᠯᠵᠦ᠂ ᠦᠢᠯᠡᠴᠢᠯᠡᠭᠡᠨ ᠤ ᠤᠬᠠᠮᠰᠠᠷ ᠢ ᠨᠡᠮᠡᠭᠳᠡᠭᠦᠯᠪᠡ᠃ ᠪᠥᠬᠦ ᠲᠣᠭᠤᠷᠢᠭ ᠤᠨ ᠡᠯ᠎ᠡ ᠲᠥᠰᠥᠪ ᠤᠨ ᠨᠢᠭᠡᠴᠢ ᠶᠢᠨ ᠡᠳ᠋ ᠤᠨ ᠶᠠᠪᠤᠳᠠᠯ ᠤᠨ ᠠᠵᠢᠯᠲᠠᠨ 270 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃    ᠲᠤᠰ ᠤᠳᠠᠭᠠᠨ ᠤ ᠪᠣᠯᠪᠠᠰᠤᠷᠠᠯ ᠎ ᠨᠢ ᠪᠣᠳᠠᠲᠤ ᠬᠡᠷᠡᠭᠴᠡᠭᠡ ᠲᠠᠢ᠂ ᠥᠨᠳᠥᠷ ᠦᠷ᠎ᠡ ᠠᠰᠢᠭ ᠲᠠᠢ ᠪᠠᠶᠢᠬᠤ ᠪᠠᠷ ᠵᠠᠷᠴᠢᠮ ᠪᠣᠯᠭᠠᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠨᠢᠭᠲᠠᠯᠠᠨ ᠪᠣᠳᠣᠭᠴᠢ ᠶᠢᠨ ᠪᠣᠳᠠᠲᠤ ᠶᠠᠪᠤᠳᠠᠯ ᠪᠠ ᠲᠥᠰᠥᠪ ᠢ ᠨᠢᠭᠡ ᠴᠣᠭᠴᠠᠵᠢᠭᠤᠯᠬᠤ ᠰᠢᠰᠲ᠋ᠧᠮ ᠢᠶᠠᠷ ᠭᠤᠣᠯ ᠰᠡᠳᠦᠪ ᠪᠣᠯᠭᠠᠵᠤ᠂ ᠡᠳᠦᠷ ᠲᠤᠲᠤᠮ ᠤᠨ ᠠᠵᠢᠯ ᠤᠨ ᠳᠤᠮᠳᠠ ᠡᠯ᠎ᠡ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠡᠳ᠋ ᠤᠨ ᠶᠠᠪᠤᠳᠠᠯ ᠤᠨ ᠨᠢᠭᠲᠠᠯᠠᠨ ᠪᠤᠳᠤᠭᠴᠢ ᠶᠢᠨ ᠲᠤᠬᠠᠶᠢᠯᠠᠭᠰᠠᠨ ᠠᠵᠢᠯ ᠢ ᠰᠢᠢᠳᠪᠦᠷᠢᠯᠡᠬᠦ ᠶᠠᠪᠤᠴᠠ ᠳᠠᠬᠢ ᠭᠤᠣᠯᠳᠠᠯᠭ᠎ᠠ ᠎ ᠲᠠᠢ ᠠᠵᠢᠯ ᠵᠢᠴᠢ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠠᠷᠠᠯᠲᠠ ᠲᠠᠢ ᠪᠠᠷ ᠰᠤᠮᠤ ᠬᠠᠷᠪᠤᠨ ᠪᠣᠯᠪᠠᠰᠤᠷᠠᠯ ᠤᠨ ᠠᠭᠤᠯᠭ᠎ᠠ ᠪᠠᠨ ᠲᠣᠭᠲᠠᠭᠠᠵᠤ᠂ ᠵᠠᠰᠠᠭ ᠤᠨ ᠣᠷᠳᠣᠨ ᠤ ᠨᠢᠭᠲᠠᠯᠠᠨ ᠪᠤᠳᠤᠬᠤ ᠪᠠᠷᠢᠮᠵᠢᠶ᠎ᠠ ᠳᠦᠷᠢᠮ ᠢ ᠲᠠᠶᠢᠯᠪᠤᠷᠢᠯᠠᠬᠤ᠂ ᠨᠢᠭᠲᠠᠯᠠᠨ ᠪᠤᠳᠤᠬᠤ ᠪᠣᠳᠠᠲᠤ ᠶᠠᠪᠤᠳᠠᠯ ᠢ ᠡᠮᠬᠢᠯᠡᠬᠦ᠂ ᠪᠠᠶᠢᠩᠭᠤ ᠲᠣᠬᠢᠶᠠᠯᠳᠤᠬᠤ ᠡᠳ᠋ ᠤᠨ ᠶᠠᠪᠤᠳᠠᠯ ᠤᠨ ᠠᠰᠠᠭᠤᠳᠠᠯ ᠢ ᠬᠠᠷᠢᠭᠤᠯᠬᠤ᠂ ᠲᠥᠰᠥᠪ ᠢ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠵᠢᠴᠢ ᠠᠩᠬᠠᠷᠬᠤ ᠵᠦᠢᠯᠡᠰ᠂ ᠨᠢᠭᠡ ᠴᠣᠭᠴᠠᠵᠢᠭᠤᠯᠤᠭᠰᠠᠨ ᠰᠢᠰᠲ᠋ᠧᠮ ᠤᠨ ᠬᠡᠰᠡᠭ ᠤᠨ ᠪᠣᠳᠠᠲᠠᠢ ᠠᠵᠢᠯᠯᠠᠭ᠎ᠠ ᠵᠡᠷᠭᠡ ᠠᠭᠤᠯᠭ᠎ᠠ ᠳᠤ ᠭᠦᠨᠵᠡᠭᠡᠢ ᠪᠥᠭᠡᠳ ᠨᠠᠷᠢᠨ ᠨᠢᠮᠪᠠᠢ ᠵᠠᠳᠠᠯᠤᠯᠲᠠ ᠬᠢᠵᠦ ᠲᠠᠶᠢᠯᠪᠤᠷᠢᠯᠠᠬᠤ ᠪᠠᠷ ᠳᠠᠮᠵᠢᠭᠤᠯᠤᠨ ᠂ ᠡᠳ᠋ ᠤᠨ ᠶᠠᠪᠤᠳᠠᠯ ᠤᠨ ᠨᠢᠭᠲᠠᠯᠠᠨ ᠪᠤᠳᠤᠭᠴᠢ ᠶᠢᠨ ᠠᠵᠢᠯ ᠡᠷᠬᠢᠯᠡᠭᠰᠡᠳ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠤᠨ ᠳᠤᠮᠳᠠᠬᠢ ᠤᠯᠤᠰ ᠲᠥᠷᠥ ᠶᠢᠨ ᠦᠵᠡᠯ ᠤᠬᠠᠮᠰᠠᠷ᠂ ᠬᠠᠷᠢᠭᠤᠴᠠᠯᠭ᠎ᠠ ᠶᠢᠨ ᠦᠵᠡᠯ ᠤᠬᠠᠮᠰᠠᠷ᠂ ᠰᠤᠷᠤᠯᠴᠠᠬᠤ ᠦᠵᠡᠯ ᠤᠬᠠᠮᠰᠠᠷ᠂ ᠦᠷ᠎ᠡ ᠠᠰᠢᠭ ᠤᠨ ᠦᠵᠡᠯ ᠤᠬᠠᠮᠰᠠᠷ᠂ ᠠᠷᠪᠢᠯᠠᠨ ᠭᠠᠮᠨᠠᠬᠤ ᠦᠵᠡᠯ ᠤᠬᠠᠮᠰᠠᠷ᠂ ᠬᠠᠤᠯᠢ ᠰᠠᠬᠢᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠪᠠ ᠃    ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ ᠪᠥᠬᠦ ᠲᠣᠭᠤᠷᠢᠭ ᠤᠨ ᠡᠳ᠋ ᠤᠨ ᠶᠠᠪᠤᠳᠠᠯ ᠤᠨ ᠠᠵᠢᠯᠲᠠᠳ ᠲᠤ ᠡᠳ᠋ ᠤᠨ ᠶᠠᠪᠤᠳᠠᠯ ᠤᠨ ᠬᠠᠮᠢᠶᠠᠷᠤᠯᠲᠠ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠶᠢᠨ ᠴᠢᠬᠤᠯᠠ ᠴᠢᠨᠠᠷ ᠤᠨ ᠲᠤᠬᠠᠢ ᠰᠢᠨ᠎ᠡ ᠣᠶᠢᠯᠠᠭᠠᠯᠲᠠ ᠲᠠᠢ ᠪᠣᠯᠭᠠᠵᠤ᠂ ᠲᠠᠷᠠᠭᠠᠴᠢ ᠶᠢᠨ ᠠᠯᠬᠤᠮ ᠤᠨ ᠪᠣᠳᠠᠲᠠᠢ ᠠᠵᠢᠯ ᠤᠨ ᠳᠤᠮᠳᠠ ᠡᠯ᠎ᠡ ᠵᠦᠢᠯ ᠤᠨ ᠠᠵᠤ ᠠᠬᠤᠢ ᠶᠢᠨ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠭᠦᠢᠴᠡᠳᠬᠡᠬᠦ ᠶᠢ ᠪᠦᠲᠦᠮᠵᠢᠲᠡᠶ ᠠᠬᠢᠭᠤᠯᠵᠤ᠂ ᠪᠥᠬᠦ ᠲᠣᠭᠤᠷᠢᠭ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠨᠠᠩ ᠡᠮᠬᠢ ᠵᠢᠷᠤᠮ ᠲᠠᠢ ᠥᠷᠨᠢᠭᠦᠯᠵᠦ᠂ ᠳᠣᠲᠣᠭᠠᠳᠤ ᠶᠢᠨ ᠬᠠᠮᠢᠶᠠᠷᠤᠯᠲᠠ ᠶᠢ ᠨᠠᠩ ᠵᠢᠷᠤᠮᠵᠢᠭᠤᠯᠤᠨ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠨᠠᠩ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1