ᠶᠤᠸᠠᠨ ᠪᠦᠦ ᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠪᠠᠶᠢᠭᠤᠯᠭ᠎ᠠ ᠶᠢᠨ ᠨᠠᠮ ᠤᠨ ᠬᠤᠷᠢᠶ᠎ᠠ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢᠶᠠᠨ ᠪᠡᠶᠡᠯᠡᠭᠦᠯᠵᠦ ᠨᠠᠮ ᠤᠨ ᠪᠠᠶᠢᠭᠤᠯᠤᠯᠲᠠ ᠪᠠᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠰᠢᠨ᠎ᠡ ᠬᠠᠭᠤᠳᠠᠰᠤ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/3/14
   
1_副本.jpg
       3 ᠰᠠᠷ᠎ᠠ ᠶᠢᠨ 13᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠪᠠᠶᠢᠭᠤᠯᠭ᠎ᠠ ᠶᠢᠨ ᠨᠠᠮ ᠤᠨ ᠬᠤᠷᠢᠶ᠎ᠠ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢᠶᠠᠨ ᠪᠡᠶᠡᠯᠡᠭᠦᠯᠵᠦ᠂ ᠨᠡᠷ᠎ᠡ ᠪᠢᠴᠢᠬᠦ ᠦᠭᠡᠢ ᠪᠠᠷ ᠪᠢᠯᠧᠲ ᠥᠭᠬᠦ ᠠᠷᠭ᠎ᠠ ᠪᠠᠷ ᠰᠢᠨ᠎ᠡ ᠨᠢᠭᠡ ᠬᠤᠭᠤᠴᠠᠭᠠᠨ ᠤ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠢ ᠰᠣᠩᠭᠤᠨ ᠭᠠᠷᠭᠠᠵᠤ ᠂ ᠨᠠᠮ ᠤᠨ ᠪᠠᠶᠢᠭᠤᠯᠤᠯᠲᠠ ᠪᠠᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠰᠢᠨ᠎ᠡ ᠬᠠᠭᠤᠳᠠᠰᠤ ᠶᠢ ᠡᠬᠢᠯᠡᠭᠦᠯᠪᠡ᠃ ᠲᠠᠷᠠᠭ᠎ᠠ ᠨᠢ᠂ ᠰᠢᠨ᠎ᠡ ᠨᠢᠭᠡ ᠬᠤᠭᠤᠴᠠᠭᠠᠨ ᠤ ᠪᠠᠶᠢᠭᠤᠯᠭ᠎ᠠ ᠶᠢᠨ ᠨᠠᠮ ᠤᠨ ᠬᠤᠷᠢᠶ᠎ᠠ ᠠᠩᠬᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠢ ᠬᠤᠷᠠᠯᠳᠤᠭᠤᠯᠵᠤ ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠱᠦᠵᠢ ᠂ ᠳᠡᠳ᠋ ᠱᠦᠵᠢ ᠶᠢ ᠰᠣᠩᠭᠤᠪᠠ ᠃
2_副本.jpg
       ᠰᠤᠷᠪᠤᠯᠵᠢᠯᠠᠭᠴᠢ ᠶᠢᠨ ᠬᠤᠷᠠᠯ ᠠᠴᠠ ᠣᠶᠢᠯᠠᠭᠠᠭᠰᠠᠨ ᠢᠶᠠᠷ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠰᠢᠨ᠎ᠡ ᠨᠢᠭᠡ ᠬᠤᠭᠤᠴᠠᠭᠠᠨ ᠤ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠨᠢ ᠭᠤᠣᠯᠳᠠᠯᠭ᠎ᠠ ᠪᠠᠨ ᠲᠥᠪᠯᠡᠷᠡᠭᠦᠯᠦᠨ ᠨᠠᠮ ᠤᠨ ᠪᠠᠶᠢᠭᠤᠯᠤᠯᠲᠠ ᠶᠢ ᠠᠳᠬᠤᠵᠤ᠂ ᠨᠠᠮ ᠤᠨ ᠪᠠᠶᠢᠭᠤᠯᠤᠯᠲᠠ ᠎ ᠪᠠᠷ ᠦᠢᠯᠡᠰ ᠢ ᠠᠬᠢᠭᠤᠯᠬᠤ ᠶᠢ ᠰᠠᠶᠢᠲᠤᠷ ᠠᠳᠬᠤᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ︔ ᠰᠢᠨ᠎ᠡ ᠡᠭᠦᠷᠭᠡᠯᠡᠯ ᠂ ᠰᠢᠨ᠎ᠡ ᠵᠢᠳᠬᠦᠯ ᠴᠢᠷᠮᠠᠶᠢᠯᠭ᠎ᠠ ᠂ ᠰᠢᠨ᠎ᠡ ᠬᠡᠪ ᠰᠤᠷᠲᠠᠯ ᠲᠠᠢ ᠪᠠᠶᠢᠵᠤ ᠂ ᠨᠠᠮ ᠳᠠᠭᠠᠨ ᠦᠨᠡᠨᠴᠢ ᠰᠢᠳᠤᠷᠭᠤ ᠂ ᠠᠵᠢᠯ ᠦᠢᠯᠡᠰ ᠲᠡᠭᠡᠨ ᠴᠢᠷᠮᠠᠶᠢᠬᠤ ᠵᠣᠷᠢᠭ ᠂ ᠬᠠᠤᠯᠢ ᠰᠠᠬᠢᠯᠭ᠎ᠠ ᠶᠢ ᠪᠢᠰᠢᠷᠡᠨ ᠵᠢᠷᠦᠬᠡᠰᠢᠶᠡᠬᠦ ᠰᠡᠳᠬᠢᠯ ᠲᠠᠢ ᠪᠠᠶᠢᠵᠤ ᠂ ᠯᠠᠪᠳᠠᠭᠤᠨ ᠪᠠᠲᠤᠲᠠᠢ ᠠᠵᠢᠯᠯᠠᠵᠤ ᠂ ᠥᠨᠡᠨ ᠪᠣᠳᠠᠲᠠᠢ ᠠᠵᠢᠯᠯᠠᠵᠤ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ ᠂ ᠰᠢᠨ᠎ᠡ ᠨᠢᠭᠡ ᠬᠤᠭᠤᠴᠠᠭᠠᠨ ᠤ ᠨᠠᠮ ᠤᠨ ᠬᠤᠷᠢᠶᠠᠨ ᠤ ᠰᠢᠨ᠎ᠡ ᠳᠦᠷᠰᠦ ᠪᠠᠶᠢᠳᠠᠯ ᠢ ᠢᠯᠡᠷᠡᠭᠦᠯᠥᠨ᠎ᠡ︔ ᠥᠩᠭᠡᠷᠡᠭᠰᠡᠨ ᠬᠤᠭᠤᠴᠠᠭᠠᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠰᠠᠶᠢᠨ ᠤᠯᠠᠮᠵᠢᠯᠠᠯ᠂ ᠰᠠᠶᠢᠨ ᠰᠤᠷᠲᠠᠯ ᠢ ᠵᠠᠯᠭᠠᠮᠵᠢᠯᠠᠵᠤ ᠂ ᠲᠡᠰᠪᠦᠷᠢ ᠬᠠᠲᠠᠭᠤᠵᠢᠯᠲᠠᠢ ᠲᠡᠮᠡᠴᠡᠬᠦ ᠪᠠ ᠬᠦᠴᠢᠷ ᠢ ᠰᠥᠷᠦᠨ ᠤᠷᠤᠭᠰᠢᠯᠠᠬᠤ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ᠂ ᠰᠢᠨ᠎ᠡ ᠰᠡᠳᠬᠢᠴᠡ ᠂ ᠰᠢᠨ᠎ᠡ ᠠᠷᠭ᠎ᠠ ᠬᠡᠮᠵᠢᠶ᠎ᠡ ᠪᠠᠷ ᠶᠤᠸᠠᠨ ᠪᠦᠦ ᠱᠠᠨ ᠲᠣᠭᠤᠷᠢᠭ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠎ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1