ᠰᠢ ᠯᠦ ᠲᠢᠶᠠᠨ ᠵᠡᠭᠡᠯᠢ ᠭᠤᠳᠤᠮᠵᠢ ᠶᠢᠨ ᠠᠵᠢᠯᠴᠢᠨ ᠤ ᠶᠡᠷᠦᠩᠬᠡᠢ ᠡᠪᠯᠡᠯ ᠡᠮᠡᠭᠲᠡᠢ ᠠᠵᠢᠯᠲᠠᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠰᠢᠷᠢᠰ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/3/15
    ᠣᠶᠢᠷ᠎ᠠ ᠳᠤ᠂ ᠰᠢ ᠯᠦ ᠲᠢᠶᠠᠨ ᠵᠡᠭᠡᠯᠢ ᠭᠤᠳᠤᠮᠵᠢ ᠶᠢᠨ ᠠᠵᠢᠯᠴᠢᠨ ᠤ ᠶᠡᠷᠦᠩᠬᠡᠢ ᠡᠪᠯᠡᠯ ᠡᠮᠡᠭᠲᠡᠢ ᠠᠵᠢᠯᠲᠠᠨ ᠠᠵᠢᠯᠴᠢᠨ  ᠤ ᠡᠷᠬᠡ ᠠᠰᠢᠭ ᠢ ᠬᠠᠮᠠᠭᠠᠯᠠᠬᠤ ᠪᠣᠯᠪᠠᠰᠤᠷᠠᠯ ᠵᠢᠴᠢ ᠰᠣᠨᠢᠷᠬᠠᠯᠲᠤ ᠮᠡᠳᠡᠯᠭᠡ ᠶᠢᠨ ᠤᠷᠤᠯᠳᠤᠭᠠᠨ ᠤ ᠬᠥᠳᠡᠯᠭᠡᠭᠡᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨ᠎ᠡ ᠪᠠᠶᠢᠳᠠᠯ ᠤᠨ ᠳᠣᠣᠷᠠᠬᠢ ᠡᠮᠡᠭᠲᠡᠢ ᠠᠵᠢᠯᠲᠠᠨ ᠠᠵᠢᠯᠴᠢᠨ ᠎ ᠤ ᠡᠷᠬᠡ ᠠᠰᠢᠭ ᠢ ᠬᠠᠮᠠᠭᠠᠯᠠᠬᠤ ᠠᠵᠢᠯ ᠢ ᠰᠠᠶᠢᠲᠤᠷ ᠬᠢᠪᠡ᠃ ᠡᠯ᠎ᠡ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠡᠮᠡᠭᠲᠡᠢ ᠠᠵᠢᠯᠲᠠᠨ ᠠᠵᠢᠯᠴᠢᠨ 60 ᠭᠠᠷᠤᠢ ᠬᠥᠮᠥᠨ ᠬᠥᠳᠡᠯᠭᠡᠭᠡᠨ ᠳᠤ ᠣᠷᠣᠯᠴᠠᠵᠠᠢ᠃
1_副本.jpg
       ᠬᠥᠳᠡᠯᠭᠡᠭᠡᠨ ᠨᠢ ᠬᠠᠤᠯᠢᠴᠢ ᠶᠢ ᠤᠷᠢᠵᠤ ︽ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ ︾ ᠂ ︽ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ ︾ ᠂ ︽ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠳᠦᠷᠢᠮ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠠᠬᠢ ᠡᠮᠡᠭᠲᠡᠢ ᠠᠵᠢᠯᠲᠠᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠲᠤᠬᠠᠢ ᠲᠣᠭᠲᠠᠭᠠᠯ ᠳᠤ ᠲᠠᠶᠢᠯᠤᠮᠵᠢ ᠬᠢᠯᠭᠡᠵᠦ ᠂ ᠥᠷᠭᠡᠨ ᠤᠯᠠᠨ ᠡᠮᠡᠭᠲᠡᠢ ᠠᠵᠢᠯᠲᠠᠨ ᠠᠵᠢᠯᠴᠢᠨ ᠎ ᠤ ᠬᠠᠤᠯᠢ ᠶᠢ ᠰᠤᠷᠤᠯᠴᠠᠬᠤ ᠂ ᠬᠠᠤᠯᠢ ᠶᠢ ᠬᠦᠨᠳᠦᠳᠬᠡᠬᠦ ᠂ ᠬᠠᠤᠯᠢ ᠶᠢ ᠰᠠᠬᠢᠬᠤ ᠶᠢ ᠤᠯᠠᠮ ᠴᠢᠨᠠᠭᠰᠢᠳᠠ ᠬᠥᠲᠥᠯᠥᠨ ᠵᠢᠯᠤᠭᠤᠳᠴᠤ ᠂ ᠲᠤᠰ ᠪᠡᠶ᠎ᠡ ᠶᠢᠨ ᠬᠠᠤᠯᠢᠵᠢᠯ ᠤᠨ ᠤᠬᠠᠮᠰᠠᠷ ᠪᠣᠯᠣᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠶᠢ ᠎ ᠨᠢ ᠳᠡᠭᠡᠭᠰᠢᠯᠡᠭᠦᠯᠵᠡᠢ ᠃
2_副本.jpg
       ᠲᠠᠶᠢᠯᠤᠮᠵᠢ ᠳᠠᠭᠤᠰᠤᠭᠰᠠᠨ ᠤ ᠳᠠᠷᠠᠭ᠎ᠠ ᠰᠣᠨᠢᠷᠬᠠᠯᠲᠤ ᠮᠡᠳᠡᠯᠭᠡ ᠶᠢᠨ ᠤᠷᠤᠯᠳᠤᠭᠠᠨ ᠶᠠᠪᠤᠭᠤᠯᠵᠤ᠂ ᠮᠡᠳᠡᠯᠭᠡ ᠶᠢᠨ ᠤᠷᠤᠯᠳᠤᠭᠠᠨ ᠬᠢᠭᠡᠳ ᠰᠣᠨᠢᠷᠬᠠᠯᠲᠤ ᠲᠣᠭᠯᠠᠭᠠᠮ ᠢ ᠣᠷᠭᠠᠨᠢᠭ ᠢᠶᠠᠷ ᠤᠶᠠᠯᠳᠤᠭᠤᠯᠵᠤ᠂ ᠤᠷᠤᠯᠳᠤᠭᠠᠨ ᠤ ᠰᠡᠳᠦᠪ ᠬᠠᠷᠢᠭᠤᠯᠬᠤ᠂ ᠬᠡᠩᠭᠡᠷᠭᠡ ᠳᠡᠯᠡᠳᠦᠨ ᠴᠡᠴᠡᠭ ᠳᠠᠮᠵᠢᠭᠤᠯᠬᠤ᠂ ︽ᠭᠠᠯᠲᠤ ᠲᠡᠷᠭᠡ ᠵᠢᠯᠤᠭᠤᠳᠬᠤ︾ ᠵᠡᠷᠭᠡ ᠵᠢᠵᠢᠭ ᠲᠣᠭᠯᠠᠭᠠᠮ ᠲᠣᠬᠢᠷᠠᠭᠤᠯᠬᠤ ᠪᠠᠷ ᠳᠠᠮᠵᠢᠭᠤᠯᠤᠨ᠂ ᠡᠮᠡᠭᠲᠡᠢ ᠠᠵᠢᠯᠲᠠᠨ ᠠᠵᠢᠯᠴᠢᠨ ᠎ ᠤ ᠡᠷᠬᠡ ᠠᠰᠢᠭ ᠢ ᠬᠠᠮᠠᠭᠠᠯᠠᠬᠤ ᠂ ᠦᠨᠡᠨ ᠪᠣᠳᠠᠲᠤ ᠬᠡᠷᠡᠭ ᠤᠨ ᠵᠢᠱᠢᠶ᠎ᠡ ᠶᠢ ᠵᠠᠳᠠᠯᠬᠤ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠥᠷᠢᠰᠦᠯᠳᠦᠨ ᠬᠠᠷᠢᠭᠤᠯᠬᠤ ᠪᠠ ᠲᠣᠭᠯᠠᠭᠠᠮ ᠳᠤ ᠠᠭᠤᠰᠤᠯᠴᠠᠭᠤᠯᠤᠨ᠂ ᠪᠠᠶᠠᠷ ᠴᠡᠩᠭᠡᠯ ᠎ ᠲᠠᠢ ᠵᠢᠭᠠᠨ ᠰᠤᠷᠭᠠᠵᠤ᠂ ᠲᠣᠭᠯᠠᠭᠠᠮ ᠤᠨ ᠳᠤᠮᠳᠠ ᠲᠤᠰᠬᠠᠢ ᠰᠡᠳᠦᠪᠲᠦ ᠪᠣᠯᠪᠠᠰᠤᠷᠠᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠮᠡᠭᠲᠡᠢ ᠠᠵᠢᠯᠲᠠᠨ ᠠᠵᠢᠯᠴᠢᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠪᠡ᠃    ᠳᠠᠷᠠᠭᠠᠴᠢ ᠶᠢᠨ ᠠᠯᠬᠤᠮ ᠳᠤ ᠂ ᠰᠢ ᠯᠦ ᠲᠢᠶᠠᠨ ᠵᠡᠭᠡᠯᠢ ᠭᠤᠳᠤᠮᠵᠢ ᠶᠢᠨ ᠠᠵᠢᠯᠴᠢᠨ ᠤ ᠶᠡᠷᠦᠩᠬᠡᠢ ᠡᠪᠯᠡᠯ ᠬᠠᠷᠢᠶ᠎ᠠ ᠣᠷᠤᠨ ᠤ ᠥᠷᠭᠡᠨ ᠤᠯᠠᠨ ᠡᠮᠡᠭᠲᠡᠢ ᠠᠵᠢᠯᠲᠠᠨ ᠠᠵᠢᠯᠴᠢᠨ ᠢ ᠬᠠᠯᠠᠮᠵᠢᠯᠠᠨ ᠬᠠᠶᠢᠷᠠᠯᠠᠬᠤ ᠪᠠᠨ ᠴᠢᠨᠠᠭᠰᠢᠳᠠ ᠴᠢᠩᠭᠠᠳᠬᠠᠵᠤ ᠂ ᠡᠮᠡᠭᠲᠡᠢ ᠠᠵᠢᠯᠲᠠᠨ ᠠᠵᠢᠯᠴᠢᠨ ᠤ ᠡᠷᠬᠡ ᠠᠰᠢᠭ ᠢ ᠦᠨᠡᠨᠬᠦ ᠬᠠᠮᠠᠭᠠᠯᠠᠵᠤ ᠂ ᠶᠤᠸᠠᠨ ᠪᠦᠦ ᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠮᠡᠭᠲᠡᠶᠢᠴᠦᠳ ᠤᠨ ᠬᠦᠴᠦᠨ ᠎ ᠢ ᠪᠦᠯᠬᠦᠮᠳᠡᠭᠦᠯᠦᠨ ᠨᠢᠭᠲᠠᠷᠠᠭᠤᠯᠤᠨ᠎ᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1