ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠲᠤ ᠢᠷᠡᠵᠦ ︽ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠪᠠ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠣᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/3/15
    3 ᠰᠠᠷ᠎ᠠ ᠶᠢᠨ 13᠎ ᠤ ᠡᠳᠦᠷ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ ᠺᠦᠩ ᠰᠢᠶᠠᠩ ᠫᠧᠩ ᠪᠦᠯᠬᠦᠮ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ ᠢᠷᠡᠵᠦ ︽ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠪᠠ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃
1_副本.jpg
       ᠪᠠᠶᠢᠴᠠᠭᠠᠨ ᠰᠤᠳᠤᠯᠬᠤ ᠳᠤᠭᠤᠶᠢᠯᠠᠩ ᠎ ᠨᠢ ᠲᠤᠰᠬᠠᠢ ᠮᠡᠷᠭᠡᠵᠢᠯ ᠵᠢᠴᠢ ᠠᠵᠢᠯ ᠲᠥᠷᠥᠯ ᠢᠶᠠᠷ ᠢᠶᠠᠨ 4 ᠳᠤᠭᠤᠶᠢᠯᠠᠩ ᠬᠤᠪᠢᠶᠠᠵᠤ᠂ ᠲᠣᠰ ᠲᠣᠰ ︽ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾᠎ ᠤᠨ ᠨᠡᠶᠢᠳᠡᠮ ᠪᠠᠶᠢᠴᠠᠭᠠᠯᠲᠠ ᠶᠢᠨ ᠬᠡᠰᠡᠭ ᠡᠲᠡᠭᠡᠳ ᠢ ᠰᠣᠩᠭᠤᠨ ᠠᠪᠴᠤ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠡᠯ᠎ᠡ ᠳᠤᠭᠤᠶᠢᠯᠠᠩ ᠤᠨ ᠬᠢᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠲᠠᠢ ᠨᠠᠷᠢᠨ ᠨᠢᠭᠲᠠ ᠶᠠᠷᠢᠯᠴᠠᠬᠤ ᠪᠠᠷ ᠳᠠᠮᠵᠢᠭᠤᠯᠤᠨ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠶᠤᠸᠠᠨ ᠪᠦᠦ ᠱᠠᠨ ᠲᠣᠭᠤᠷᠢᠭ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠦᠭᠰᠡᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠪᠠ᠃ ᠡᠭᠦᠨ ᠤ ᠬᠠᠮᠲᠤ ᠲᠣᠭᠤᠷᠢᠭ ᠤᠨ ︽ ᠬᠤᠶᠠᠷ ᠠᠵᠢᠯᠲᠠᠨ︾᠎ ᠤ ᠪᠠᠶᠢᠳᠠᠯ ᠢ ᠣᠶᠢᠯᠠᠭᠠᠨ ᠪᠠᠶᠢᠴᠠᠭᠠᠵᠤ᠂ ︽ᠬᠤᠶᠠᠷ ᠠᠵᠢᠯᠲᠠᠨ︾᠎ ᠢ ᠨᠡᠶᠢᠳᠡᠮ ᠪᠠᠶᠢᠴᠠᠭᠠᠬᠤ ᠳᠠᠭᠠᠨ ᠲᠥᠷᠥ ᠶᠢᠨ ᠪᠣᠳᠣᠯᠭ᠎ᠠ ᠶᠢ ᠲᠣᠳᠣᠷᠬᠠᠢ ᠶᠠᠷᠢᠵᠤ᠂ ᠨᠡᠶᠢᠳᠡᠮ ᠪᠠᠶᠢᠴᠠᠭᠠᠭᠳᠠᠬᠤ ᠡᠲᠡᠭᠡᠳ ᠢ ᠬᠥᠲᠥᠯᠥᠨ ᠵᠢᠯᠤᠭᠤᠳᠴᠤ ᠪᠠᠶᠢᠭᠠᠳ ᠦᠨᠡᠨ ᠪᠣᠳᠠᠲᠠᠢ ᠲᠤᠭ᠎ᠠ ᠪᠠᠷᠢᠮᠲᠠ ᠶᠢ ᠲᠠᠭᠯᠠᠭᠤᠯᠬᠤ ᠬᠡᠷᠡᠭᠲᠡᠢ ᠭᠡᠵᠦ ᠵᠠᠬᠢᠵᠠᠢ᠃
2_副本.jpg
       ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠫᠢᠩᠵᠤᠸᠠᠩ ᠪᠠᠯᠭᠠᠰᠤᠨ ᠳᠤ ᠬᠦᠷᠴᠦ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠵᠤ ᠂ ᠲᠤᠭ᠎ᠠ ᠪᠦᠷᠢᠳᠬᠡᠯ ᠤᠨ ᠠᠯᠪᠠᠨ ᠭᠡᠷ ᠤᠨ ᠪᠦᠲᠦᠭᠡᠨ ᠪᠠᠶᠢᠭᠤᠯᠤᠯᠲᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠂ ᠡᠳᠦᠷ ᠲᠤᠲᠤᠮ ᠤᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠤᠭᠰᠠᠨ ᠪᠠᠶᠢᠳᠠᠯ ᠵᠢᠴᠢ ︽ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠎ ᠶᠢᠨ ᠠᠵᠢᠯ ᠤᠨ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠵᠦ ᠂ ᠫᠢᠩᠵᠤᠸᠠᠩ ᠪᠠᠯᠭᠠᠰᠤᠨ ᠤ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠨᠤᠲᠠᠯᠠᠭᠰᠠᠨ ᠪᠥᠭᠡᠳ ᠪᠠᠰᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠢᠭᠠᠨ ᠭᠠᠷᠭᠠᠵᠤ ᠂ ᠨᠠᠶᠢᠳᠠᠪᠤᠷᠢᠵᠢᠭᠤᠯᠤᠯᠲᠠ ᠶᠢ ᠱᠠᠯᠠᠪᠳᠠᠨ ᠰᠠᠶᠢᠵᠢᠷᠠᠭᠤᠯᠵᠤ ᠂ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠠᠯᠪᠠᠨ ᠭᠡᠷ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ ᠃    ᠳᠠᠷᠠᠭᠠᠪᠠᠷ ᠎ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠬᠤ ᠳᠤᠭᠤᠶᠢᠯᠠᠩ ᠳᠤ ᠶᠤᠸᠠᠨ ᠪᠦᠦ ᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠠᠬᠢᠭᠤᠯᠤᠭᠰᠠᠨ ᠪᠠᠶᠢᠳᠠᠯ ᠵᠢᠴᠢ ᠢᠯᠡᠷᠡᠭᠦᠯᠦᠭᠰᠡᠨ ᠠᠰᠠᠭᠤᠳᠠᠯ ᠢ ᠪᠥᠬᠦ ᠲᠠᠯ᠎ᠠ ᠪᠠᠷ ᠬᠠᠷᠢᠭᠤ ᠮᠡᠳᠡᠭᠦᠯᠪᠡ︔ ᠡᠯ᠎ᠡ ᠳᠤᠭᠤᠶᠢᠯᠠᠩ ᠤᠨ ᠬᠢᠨ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠳᠡᠰ ᠳᠠᠷᠠᠭᠠᠯᠠᠨ ᠮᠡᠳᠡᠭᠳᠡᠵᠦ᠂ ᠣᠯᠵᠤ ᠮᠡᠳᠡᠭᠰᠡᠨ ᠡᠯ᠎ᠡ ᠵᠦᠢᠯ ᠤᠨ ᠠᠰᠠᠭᠤᠳᠠᠯ ᠢ ᠵᠢᠭᠠᠨ ᠭᠠᠷᠭᠠᠭᠰᠠᠨ ᠪᠥᠭᠡᠳ ᠬᠠᠨᠳᠤᠯᠭᠠᠲᠤ ᠴᠢᠨᠠᠷᠲᠠᠢ ᠵᠠᠯᠠᠷᠠᠭᠤᠯᠬᠤ ᠰᠠᠨᠠᠯ ᠭᠠᠷᠭᠠᠵᠤ᠂ ᠲᠠᠷᠠᠭᠠᠴᠢ ᠶᠢᠨ ᠱᠠᠲᠤᠨ ᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ ᠭᠤᠣᠯᠳᠠᠯᠭ᠎ᠠ ᠲᠠᠢ ᠠᠩᠬᠠᠷᠬᠤ ᠴᠢᠬᠤᠯᠠᠲᠠᠢ ᠭᠦᠢᠴᠡᠳᠬᠡᠬᠦ ᠲᠤᠭ᠎ᠠ ᠶᠢ ᠲᠣᠳᠣᠷᠬᠠᠢ ᠲᠣᠭᠲᠠᠭᠠᠵᠠᠢ ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠳᠡᠭᠡᠭᠰᠢ ᠮᠡᠳᠡᠭᠦᠯᠬᠦ ᠠᠬᠢᠴᠠ ᠶᠢ ᠲᠦᠷᠭᠡᠳᠬᠡᠵᠦ᠂ ᠡᠷᠬᠡᠪᠰᠢ ᠲᠣᠭᠲᠠᠭᠰᠠᠨ ᠳᠠᠭᠤᠰᠬᠤ ᠡᠳᠦᠷ ᠠᠴᠠ ᠡᠮᠦᠨ᠎ᠡ ᠳᠡᠭᠡᠭᠰᠢ ᠮᠡᠳᠡᠭᠦᠯᠬᠦ ᠠᠵᠢᠯ ᠢ ᠳᠠᠭᠤᠰᠬᠠᠬᠤ ᠬᠡᠷᠡᠭᠲᠡᠢ︔ ᠬᠢᠨᠠᠨ ᠬᠠᠷᠭᠤᠭᠤᠯᠤᠯᠲᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ ᠬᠢᠨᠠᠨ ᠬᠠᠷᠭᠤᠭᠤᠯᠬᠤ ᠬᠤᠷᠳᠤᠴᠠ ᠶᠢ ᠲᠦᠷᠭᠡᠳᠬᠡᠵᠦ ᠂ ᠵᠥᠪ ᠣᠨᠣᠪᠴᠢᠲᠠᠶ ᠬᠢᠨᠠᠨ ᠬᠠᠷᠭᠤᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ︔ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠶᠠᠰᠤ ᠴᠢᠨᠠᠷ ᠢ ᠠᠩᠬᠠᠷᠴᠤ ᠂ ᠡᠷᠬᠡᠪᠰᠢ ᠨᠢᠭᠲᠠ ᠠᠴᠠ ᠨᠢᠭᠲᠠ ᠪᠠᠶᠢᠵᠤ ᠠᠵᠢᠯ ᠲᠦᠷᠦᠯ ᠤᠨ ᠲᠤᠶᠢᠯ ᠤᠨ ᠬᠡᠮᠵᠢᠭᠳᠡᠯ ᠢ ᠠᠷᠢᠯᠭᠠᠬᠤ ᠬᠡᠷᠡᠭᠲᠡᠢ ︔ ᠳᠣᠲᠣᠭᠠᠳᠤ ᠳᠠᠭᠠᠨ ᠬᠠᠮᠲᠤᠷᠠᠯᠴᠠᠨ ᠬᠠᠮᠵᠢᠯᠴᠠᠬᠤ ᠪᠠᠨ ᠴᠢᠩᠭᠠᠳᠬᠠᠵᠤ᠂ ᠡᠯ᠎ᠡ ᠲᠤᠰᠬᠠᠢ ᠮᠡᠷᠭᠡᠵᠢᠯ ᠨᠢ ᠲᠣᠭᠤᠷᠢᠭ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ︔ ᠬᠠᠤᠯᠢ ᠶᠣᠰᠣᠭᠠᠷ ᠨᠡᠶᠢᠳᠡᠮ ᠪᠠᠶᠢᠴᠠᠭᠠᠯᠲᠠ ᠶᠢ ᠴᠢᠩᠭ᠎ᠠ ᠥᠷᠨᠢᠭᠦᠯᠵᠦ ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠭᠠᠷ ᠲᠦᠷᠦᠵᠦ ᠪᠣᠯᠬᠤ ᠦᠭᠡᠢ ᠂ ᠬᠥᠮᠥᠨ ᠤ ᠬᠦᠴᠦ ᠪᠠᠷ ᠬᠠᠭᠤᠷᠮᠠᠭ ᠢᠶᠠᠷ ᠵᠣᠬᠢᠶᠠᠵᠤ ᠪᠣᠯᠬᠤ ᠦᠭᠡᠢ ᠂ ᠮᠡᠳᠡᠭᠦᠯᠬᠦ ᠦᠭᠡᠢ ᠨᠢᠭᠤᠭᠠᠳ ᠣᠷᠬᠢᠭᠳᠠᠭᠤᠯᠵᠤ ᠨᠡᠩ ᠪᠣᠯᠬᠤ ᠦᠭᠡᠢ ︔ ᠲᠣᠭᠤᠷᠢᠭ ᠤᠨ ᠱᠠᠲᠤ ᠬᠢᠭᠡᠳ ᠪᠠᠯᠭᠠᠰᠤ ᠰᠢᠶᠠᠩ ᠵᠡᠭᠡᠯᠢ ᠨᠢ ᠴᠥᠮ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠠᠩᠬᠠᠷᠴᠤ᠂ ᠨᠢᠭᠤᠴᠠ ᠶᠢ ᠬᠠᠮᠠᠭᠠᠯᠠᠬᠤ ᠳᠦᠷᠢᠮ ᠢ ᠬᠢᠴᠢᠶᠡᠩᠭᠦᠶᠢᠯᠡᠨ ᠰᠠᠬᠢᠵᠤ ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1