ᠶᠤᠸᠠᠨ ᠪᠦᠦ ᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/15
    3 ᠳ᠋ᠤᠭᠠᠷ ᠰᠠᠷ᠎ᠠ ᠶᠢᠨ 13᠎ ᠤ ᠡᠳᠦᠷ᠂ ᠲᠣᠭᠤᠷᠢᠭ ᠤᠨ ᠲᠠᠷᠢᠶᠠᠯᠠᠩ ᠮᠠᠯ ᠠᠵᠤ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠶᠤᠸᠠᠨ ᠪᠦᠦ ᠱᠠᠨ ᠲᠣᠭᠤᠷᠢᠭ ᠤᠨ ᠶᠡᠭᠡ ᠠᠩᠭᠢ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠥᠬᠦ ᠲᠣᠭᠤᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠲᠥᠪᠯᠡᠷᠡᠭᠦᠯᠥᠭᠰᠡᠨ ᠪᠠᠶᠢᠴᠠᠭᠠᠯᠲᠠ ᠬᠢᠪᠡ᠃
1_副本.jpg
2_副本.jpg
       ᠪᠠᠶᠢᠴᠠᠭᠠᠬᠤ ᠠᠵᠢᠯᠯᠠᠭ᠎ᠠ ᠶᠢᠨ ᠳᠤᠮᠳᠠ᠂ ᠪᠠᠶᠢᠴᠠᠭᠠᠬᠤ ᠳᠤᠭᠤᠶᠢᠯᠠᠩ ᠡᠯ᠎ᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠲᠤ ᠭᠦᠨᠵᠡᠭᠡᠶᠢᠷᠡᠵᠦ᠂ ᠡᠷᠳᠡᠨᠢ ᠰᠢᠰᠢ᠂ ᠨᠠᠷᠢᠮᠤ ᠵᠡᠷᠭᠡ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠲᠥᠷᠥᠯ ᠵᠦᠢᠯ ᠤᠨ ᠡᠵᠡᠩᠨᠡᠯᠲᠡ ᠶᠢᠨ ᠳᠠᠩᠰᠠᠯᠠᠯᠲᠠ᠂ ᠬᠡᠷᠡᠭᠯᠡᠬᠦ ᠶᠢ ᠴᠠᠭᠠᠵᠠᠯᠠᠬᠤ ᠪᠠ ᠬᠢᠵᠠᠭᠠᠷᠯᠠᠬᠤ ᠲᠠᠷᠢᠶᠠᠨ ᠡᠮ ᠤᠨ ᠪᠣᠷᠤᠯᠠᠭᠤᠯᠭ᠎ᠠ᠂ ᠪᠦᠲᠦᠭᠡᠭᠳᠡᠬᠦᠨ ᠤ ᠱᠣᠰᠢᠭ᠎ᠠ ᠲᠡᠮᠳᠡᠭ ᠂ ᠪᠣᠷᠤᠯᠠᠭᠤᠯᠭ᠎ᠠ ᠶᠢᠨ ᠡᠬᠡ ᠲᠠᠩᠰᠠ ᠵᠡᠷᠭᠡ ᠳᠤ ᠭᠤᠣᠯᠳᠠᠯᠭ᠎ᠠ ᠲᠠᠢ ᠪᠠᠷ ᠪᠠᠶᠢᠴᠠᠭᠠᠯᠲᠠ ᠬᠢᠪᠡ ᠃ ᠬᠡᠰᠡᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠲᠤ ᠣᠷᠣᠰᠢᠵᠤ ᠪᠠᠶᠢᠭ᠎ᠠ ᠦᠷ᠎ᠡ ᠶᠢ ᠴᠠᠭ ᠲᠤᠬᠠᠢ ᠎ ᠳᠤᠨᠢ ᠳᠠᠩᠰᠠᠯᠠᠭᠤᠯᠤᠭᠰᠠᠨ ᠦᠭᠡᠢ᠂ ᠡᠵᠡᠩᠨᠡᠯᠲᠡ ᠶᠢᠨ ᠡᠬᠡ ᠲᠠᠩᠰᠠ ᠨᠢ ᠵᠢᠷᠤᠮᠵᠢᠯ ᠦᠭᠡᠢ ᠵᠡᠷᠭᠡ ᠦᠶᠯᠡ ᠠᠵᠢᠯᠯᠠᠭ᠎ᠠ ᠳᠤ ᠴᠢᠭᠯᠡᠭᠦᠯᠦᠨ᠂ ᠲᠤᠬᠠᠢ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠᠭᠤᠯᠭᠠᠵᠤ ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠪᠠ᠃ ᠪᠠᠰᠠ ᠡᠵᠡᠩᠨᠡᠭᠴᠢᠳ ᠲᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠤᠬᠠᠭᠤᠯᠵᠤ᠂ ᠡᠵᠡᠩᠨᠡᠯᠲᠡ ᠶᠢᠨ ᠡᠷᠦᠬᠡ ᠶᠢ ᠪᠠᠷᠠᠭ᠎ᠠ ᠣᠷᠣᠭᠤᠯᠬᠤ ᠪᠣᠭᠤᠮᠲᠠ ᠪᠠᠨ ᠪᠠᠲᠤ ᠰᠠᠬᠢᠵᠤ᠂ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠪᠣᠷᠣᠯᠠᠭᠤᠯᠬᠤ ᠦᠭᠡᠢ ᠪᠠᠶᠢᠵᠤ᠂ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠲᠠᠷᠢᠶᠠᠨ ᠭᠠᠵᠠᠷ ᠲᠤ ᠣᠷᠣᠭᠤᠯᠬᠤ ᠦᠭᠡᠢ ᠪᠠᠶᠢᠬᠤ  ᠎ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃    ᠲᠣᠰ ᠤᠳᠠᠭᠠᠨ ᠤ ᠠᠵᠢᠯᠯᠠᠭ᠎ᠠ ᠎ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾᠂ ︽ᠲᠠᠷᠢᠶᠠᠨ ᠡᠮ ᠤᠨ ᠬᠠᠮᠢᠶᠠᠷᠤᠯᠲᠠ ᠶᠢᠨ ᠳᠦᠷᠢᠮ︾᠂ ︽ᠪᠣᠷᠳᠣᠭᠤᠷ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠶᠠᠪᠤᠭᠳᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠤᠨ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠎ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1