ᠶᠤᠸᠠᠨ ᠪᠦᠦ ᠱᠠᠨ ᠲᠣᠭᠤᠷᠢᠭ 2024 ᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/18
   
1_副本.jpg
       3 ᠳ᠋ᠤᠭᠠᠷ ᠰᠠᠷ᠎ᠠ ᠶᠢᠨ 15᠎ ᠤ ᠡᠳᠦᠷ᠂ ᠪᠥᠬᠦ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠤᠸᠠᠨ ᠶᠦᠨ ᠾᠧ ᠬᠤᠷᠠᠯ ᠳᠤ ᠰᠠᠭᠠᠲᠠᠵᠤ ᠶᠠᠷᠢᠶ᠎ᠠ ᠲᠠᠯᠪᠢᠵᠠᠢ᠃ ᠡᠯ᠎ᠡ ᠪᠠᠯᠭᠠᠰᠤ ᠰᠢᠶᠠᠩ ᠵᠡᠭᠡᠯᠢ ᠶᠢᠨ ᠨᠠᠮ ᠎ ᠤᠨ ︵ ᠠᠵᠢᠯᠯᠠᠬᠤ︶ ᠬᠤᠷᠢᠶᠠᠨ ᠤ ᠳᠡᠳ᠋ ᠱᠦᠵᠢ ᠂ ᠤᠬᠠᠭᠤᠯᠬᠤ ᠭᠡᠰᠢᠭᠦᠨ ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠂ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠂ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠪᠠ ᠃    ᠬᠤᠷᠠᠯ ᠠᠴᠠ ᠪᠦᠬᠦ ᠤᠯᠤᠰ ᠤᠨ ᠪᠦᠬᠦ ᠣᠷᠣᠨ ᠤ ᠪᠦᠬᠦ ᠬᠤᠳᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠂ ᠪᠦᠬᠦ ᠬᠤᠳᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠠᠯᠪᠠᠨ ᠭᠡᠷ ᠤᠨ ᠡᠷᠬᠢᠯᠡᠭᠴᠢᠳ ᠤᠨ ᠬᠤᠷᠠᠯ ᠂ ᠪᠦᠬᠦ ᠬᠤᠳᠠ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ 2023 ᠣᠨ ᠤ ᠪᠦᠬᠦ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠳ᠋ᠦᠩᠨᠡᠵᠦ ᠂ ᠡᠨᠡ ᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠵᠠᠢ ᠃    ᠬᠤᠷᠠᠯ ᠠᠴᠠ ᠂ ᠪᠦᠬᠦ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠰᠢ ᠶᠢᠨ ᠫᠢᠩ ᠎ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠠᠷᠢᠭᠤᠴᠠᠯᠭ᠎ᠠ ᠡᠭᠦᠷᠭᠡᠯᠡᠯ ᠢ ᠴᠢᠨᠠᠭᠰᠢᠳᠠ ᠴᠢᠩᠭᠠᠳᠬᠠᠬᠤ ᠬᠡᠷᠡᠭᠲᠡᠢ ᠃ ᠦᠵᠡᠯ ᠰᠠᠨᠠᠭᠠᠨ ᠤ ᠲᠤᠭ ᠢ ᠥᠨᠳᠥᠷ ᠮᠠᠨᠳᠤᠭᠤᠯᠵᠤ ᠂ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ ᠂ ᠨᠠᠮ ᠤᠨ ᠰᠢᠨ᠎ᠡ ᠶᠢ ᠡᠭᠦᠳᠬᠦ ᠣᠨᠤᠯ ᠢ ᠲᠠᠷᠢᠬᠢ ᠲᠣᠯᠣᠭᠠᠢ ᠂ ᠰᠡᠳᠬᠢᠯ ᠵᠢᠷᠥᠬᠡᠨ ᠳᠤ ᠪᠠᠨ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ ᠃ ᠤᠨᠢᠨ ᠳᠡᠭᠡᠷ᠎ᠡ ᠨᠢ ᠬᠦᠴᠦᠯᠡᠵᠦ ᠂ ᠤᠶᠠᠯᠳᠤᠯ ᠤᠨ ᠴᠡᠭ ᠢ ᠣᠨᠣᠪᠴᠢᠲᠠᠢ ᠡᠷᠢᠵᠦ ᠂ ᠤᠬᠠᠭᠤᠯᠭ᠎ᠠ ᠬᠥᠮᠦᠵᠢᠯ ᠤᠨ ᠰᠢᠰᠲ᠋ᠧᠮ ᠢ ᠬᠦᠴᠦᠯᠡᠨ ᠪᠠᠶᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ ᠃ ᠲᠣᠳᠤᠨ᠎ᠠ ᠭᠠᠳᠠᠨᠠᠬᠢ ᠬᠠᠮᠲᠤᠷᠠᠯᠴᠠᠭ᠎ᠠ ᠶᠢ ᠴᠢᠩᠭᠠᠳᠬᠠᠵᠤ ᠂ ᠭᠤᠣᠯ ᠤᠷᠤᠰᠬᠠᠯ ᠤᠨ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠵᠤ ᠂ ︽ ᠡᠷᠡᠯᠬᠡᠭᠯᠡᠨ ᠤᠷᠤᠭᠰᠢᠯᠠᠬᠤ ᠬᠤᠳᠠ ᠂ ᠠᠮᠢᠵᠢᠷᠠᠯ  ᠪᠢᠯᠬᠠᠭᠰᠠᠨ ᠶᠤᠸᠠᠨ  ᠪᠦᠦ ᠱᠠᠨ︾ ᠭᠡᠬᠦ ᠭᠠᠳᠠᠭᠠᠳᠤ ᠤᠬᠠᠭᠤᠯᠭ᠎ᠠ ᠶᠢᠨ ᠲᠦᠷᠦᠯ ᠲᠡᠮᠳᠡᠭ ᠢ ᠲᠠᠰᠤᠷᠠᠯᠲᠠ ᠦᠭᠡᠢ ᠭᠡᠷᠡᠯᠳᠦᠬᠦᠯᠵᠦ ᠂ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠳᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠃ ᠳᠠᠪᠠᠭᠤᠯᠢᠭ ᠡᠬᠢ ᠪᠠᠶᠠᠯᠢᠭ ᠲᠠᠭᠠᠨ ᠰᠠᠭᠤᠷᠢᠯᠠᠵᠤ᠂ ᠰᠣᠶᠣᠯ ᠤᠷᠠᠯᠢᠭ ᠢ ᠶᠡᠬᠡᠪᠡᠷ ᠬᠥᠭᠵᠢᠭᠦᠯᠵᠦ᠂ ᠶᠤᠸᠠᠨ ᠪᠦᠦ ᠱᠠᠨ ᠤ ᠣᠨᠴᠠᠯᠢᠭ ᠲᠠᠢ ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠡᠭᠦᠳᠬᠦ ᠬᠡᠷᠡᠭᠲᠡᠢ᠃ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠰᠠᠶᠢᠵᠢᠷᠠᠭᠤᠯᠤᠨ ᠰᠢᠨ᠎ᠡ ᠶᠢ ᠡᠭᠦᠳᠴᠦ᠂ ᠪᠣᠯᠪᠠᠰᠤᠨ ᠤ ᠰᠢᠨ᠎ᠡ ᠰᠤᠷᠲᠠᠯ ᠢ ᠠᠮᠢᠵᠢᠷᠠᠯ ᠤᠨ ᠬᠦᠴᠦᠨ ᠢᠶᠠᠷ ᠪᠢᠯᠬᠠᠭᠤᠯᠬᠤ ᠬᠡᠷᠡᠭᠲᠡᠢ ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠲᠤ ᠪᠠᠶᠢᠭᠤᠯᠵᠤ ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ ᠂ ᠴᠠᠭᠠᠷᠠᠭᠰᠠᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢ ᠪᠠᠷᠢᠮᠲᠠᠯᠠᠵᠤ ᠂ ᠰᠢᠨ᠎ᠡ ᠴᠠᠭ ᠦᠶ᠎ᠡ ᠶᠢᠨ ᠤᠬᠠᠭᠤᠯᠭ᠎ᠠ ᠶᠢᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ ᠂ ᠪᠦᠬᠦ ᠲᠣᠭᠤᠷᠢᠭ ᠤᠨ ︽ ᠶᠡᠭᠡ ᠤᠬᠠᠭᠤᠯᠭ᠎ᠠ ︾ ᠎ ᠶᠢᠨ ᠠᠵᠢᠯ ᠤᠨ ᠪᠠᠶᠢᠷᠢᠰᠢᠯ ᠢ ᠪᠠᠶᠢᠭᠤᠯᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠢ ᠨᠡᠭᠡᠭᠡᠬᠦ ᠂ ᠳᠤᠮᠳᠠ ᠤᠷᠤᠰᠬᠠᠯ ᠳᠤ ᠣᠷᠣᠬᠤ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1