ᠶᠤᠸᠠᠨ ᠪᠦᠦ ᠱᠠᠨ ᠲᠣᠭᠤᠷᠢᠭ ︽ᠴᠢᠨᠠᠷ ᠰᠠᠶᠢᠲᠠᠢ ᠬᠡᠷᠡᠭᠯᠡᠭᠡ  ᠦᠨᠡᠨᠴᠢ ᠢᠲᠡᠭᠡᠮᠵᠢᠲᠠᠢ ᠬᠠᠮᠠᠭᠠᠯᠠᠯᠲᠠ︾ ᠭᠡᠬᠦ 3 · 15᠎ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/3/18
    3 ᠰᠠᠷ᠎ᠠ ᠶᠢᠨ 15᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠬᠢᠨ ︽ᠴᠢᠨᠠᠷ ᠰᠠᠶᠢᠲᠠᠢ ᠬᠡᠷᠡᠭᠯᠡᠭᠡ ᠶᠢᠨ ᠦᠨᠡᠨᠴᠢ ᠢᠲᠡᠭᠡᠮᠵᠢ ᠶᠢᠨ ᠬᠠᠮᠠᠭᠠᠯᠠᠯᠲᠠ︾᠎ ᠶᠢᠨ 3 · 15᠎ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠡᠷᠡᠭᠯᠡᠭᠡ ᠶᠢᠨ ᠢᠲᠡᠭᠡᠯ ᠵᠣᠷᠢᠭ ᠢ ᠬᠥᠪᠴᠢᠯᠡᠵᠦ᠂ ᠬᠡᠷᠡᠭᠯᠡᠭᠡ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠥᠳᠡᠯᠭᠡᠭᠡᠨ ᠳᠤ ᠣᠷᠣᠯᠴᠠᠵᠠᠢ᠃
1_副本.jpg
2_副本.jpg
       ᠬᠥᠳᠡᠯᠭᠡᠭᠡᠨ ᠤ ᠲᠤᠬᠠᠢ ᠶᠢᠨ ᠲᠠᠯᠠᠪᠠᠢ ᠳᠤ ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠵᠢᠷᠤᠮᠵᠢᠭᠰᠠᠨ ᠪᠠᠷᠢᠮᠵᠢᠶᠠᠵᠢᠭᠰᠠᠨ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠂ 2023 ᠣᠨ ᠤ ᠤᠯᠠᠭᠠᠨᠬᠠᠳᠠ ᠬᠤᠳᠠ ᠶᠢᠨ ︽ ᠰᠠᠨᠠᠭ᠎ᠠ ᠠᠮᠤᠷ ᠮᠢᠬ᠎ᠠ ᠨᠣᠭᠤᠭᠠᠨ ᠤ ᠵᠢᠱᠢᠶ᠎ᠡ ᠦᠵᠡᠭᠦᠯᠬᠦ ᠴᠢᠯᠥᠭᠡᠲᠥ ᠳᠡᠯᠭᠡᠭᠦᠷ ︾ ᠂ 2023 ᠣᠨ ᠤ ᠤᠯᠠᠭᠠᠨᠬᠠᠳᠠ ᠬᠤᠳᠠ ᠂ ᠶᠤᠸᠠᠨ ᠪᠦᠦ ᠱᠠᠨ ᠲᠣᠭᠤᠷᠢᠭ ᠬᠤᠶᠠᠷ ᠱᠠᠲᠤᠨ ᠤ ︽ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠨᠢᠭᠡᠴᠢ︾ ᠎ ᠶᠢ ᠬᠥᠬᠢᠭᠦᠯᠦᠨ ᠰᠠᠶᠢᠰᠢᠶᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠫᠠᠶᠢᠰᠠ ᠢᠯᠡᠷᠬᠡᠶᠢᠯᠡᠯ ᠤᠨ ᠦᠨᠡᠮᠯᠡᠯ ᠣᠯᠭᠤᠵᠠᠢ ᠃ ᠤᠯᠠᠭᠠᠨᠬᠠᠳᠠ ᠶᠢᠨ ᠫᠢᠩᠵᠤᠸᠠᠩ ᠤᠨ ᠰᠢᠨ ᠹᠠ ᠳ᠋ᠢ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠪᠣᠯᠣᠨ ᠶᠤᠸᠠᠨ ᠪᠦᠦ ᠱᠠᠨ ᠲᠣᠭᠤᠷᠢᠭ ᠤᠨ ᠯᠢ ᠵᠢᠤᠸᠠᠨ ᠸᠧᠢ ᠮᠠᠢ ᠪᠣᠭᠤᠷᠰᠤᠭ ᠬᠠᠭᠰᠠᠭᠠᠬᠤ ᠦᠢᠯᠡᠳᠬᠡᠯ ᠤᠨ ᠬᠠᠷᠢᠭᠤᠴᠠᠯᠭᠠᠲᠠᠨ ᠠᠵᠤ ᠠᠬᠤᠶᠢᠯᠠᠯ ᠤᠨ ᠲᠥᠯᠥᠭᠡᠯᠡᠭᠴᠢ ᠶᠢᠨ ᠬᠤᠪᠢ ᠪᠠᠷ ᠠᠮᠠᠯᠠᠯᠲᠠ ᠶᠢᠨ ᠦᠭᠡ ᠬᠡᠯᠡᠪᠡ ᠃
3_副本.jpg
4_副本.jpg
5_副本.jpg
       ᠡᠭᠦᠨ ᠤ ᠳᠠᠷᠠᠭ᠎ᠠ ᠪᠠᠷ ᠶᠠᠪᠤᠭᠳᠠᠭᠰᠠᠨ ᠪᠠᠶᠠᠯᠢᠭ ᠰᠠᠶᠢᠬᠠᠨ ᠤᠷᠠᠨ ᠰᠠᠶᠢᠬᠠᠨ ᠤ ᠲᠣᠭᠯᠠᠯᠲᠠ ᠎ ᠨᠢ ᠳᠠᠭᠤᠤ᠂ ᠰᠢ ᠵᠦᠴᠦᠭᠡ ᠵᠡᠷᠭᠡ ᠣᠯᠠᠨ ᠵᠦᠢᠯ ᠤᠨ ᠬᠡᠯᠪᠡᠷᠢ ᠪᠠᠷ ︽ᠦᠨᠡᠨᠴᠢ ᠢᠲᠡᠭᠡᠮᠵᠢ ᠪᠠ ᠬᠡᠷᠡᠭᠯᠡᠭᠡ ︾᠎ ᠶᠢ ᠤᠬᠠᠭᠤᠯᠪᠠ ᠃ ᠠᠵᠢᠯᠲᠠᠳ ᠪᠠᠰᠠ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠎ ᠶᠢᠨ ᠲᠠᠯᠠᠪᠤᠷ ᠲᠤ ᠣᠯᠠᠨ ᠲᠦᠮᠡᠨ ᠎ ᠳᠤ ᠬᠤᠳᠠᠯ ᠬᠠᠭᠤᠷᠮᠠᠭ ᠮᠠᠭᠤ ᠦᠢᠯᠡᠳᠬᠦᠨ ᠢ ᠢᠯᠭᠠᠨ ᠲᠠᠨᠢᠬᠤ ᠎ ᠶᠢ ᠵᠢᠭᠠᠵᠤ ᠥᠭᠬᠦ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠬᠤ ᠵᠢᠴᠢ ᠬᠤᠳᠠᠯ ᠬᠠᠭᠤᠷᠮᠠᠭ ᠮᠠᠭᠤ ᠲᠠᠸᠠᠷ ᠎ ᠢ ᠤᠰᠠᠳᠬᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠭᠠᠰᠢ ᠴᠠᠭᠠᠰᠢ ᠶᠠᠪᠤᠵᠤ ᠪᠠᠶᠢᠭ᠎ᠠ ᠰᠠᠭᠤᠭᠠᠯᠢ ᠠᠷᠠᠳ ᠲᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠤᠯᠪᠣᠭᠳᠠᠯ ᠪᠦᠬᠦᠢ ᠮᠡᠳᠡᠯᠭᠡ ᠶᠢ ᠤᠬᠠᠭᠤᠯᠵᠤ᠂ ᠥᠷᠭᠡᠨ ᠣᠯᠠᠨ ᠲᠦᠮᠡᠨ ᠳᠤ ᠬᠤᠳᠠᠯ ᠬᠠᠭᠤᠷᠮᠠᠭ ᠮᠠᠭᠤ ᠦᠢᠯᠡᠳᠬᠦᠨ ᠢ ᠣᠶᠢᠯᠠᠭᠠᠭᠤᠯᠬᠤ ᠶᠢᠨ ᠬᠠᠮᠲᠤ ᠥᠪᠡᠷ ᠎ ᠢ ᠪᠠᠨ ᠬᠠᠮᠠᠭᠠᠯᠠᠬᠤ ᠴᠢᠳᠠᠪᠤᠷᠢ ᠎ ᠶᠢ ᠎ ᠨᠢ ᠳᠡᠭᠡᠭᠰᠢᠯᠡᠭᠦᠯᠵᠡᠢ᠃ ᠰᠠᠭᠤᠭᠠᠯᠢ ᠠᠷᠠᠳ ᠤᠨ ᠬᠡᠷᠡᠭᠯᠡᠭᠡᠨ ᠤ ᠬᠡᠮᠵᠢᠶ᠎ᠡ ᠪᠠᠷ ᠨᠡᠯᠢᠶᠡᠳ ᠥᠨᠳᠥᠷ ᠠᠮᠤ ᠪᠤᠳᠠᠭᠠᠨ ᠤ ᠡᠳ᠋ᠰᠢᠭᠦᠯᠦᠭᠰᠡᠨ ᠡᠳ᠋᠂ ᠠᠮᠲᠠ ᠣᠷᠣᠭᠤᠯᠬᠤ ᠡᠳ᠋᠂ ᠢᠳᠡᠰᠢᠨ ᠨᠣᠭᠤᠭ᠎ᠠ ᠵᠡᠷᠭᠡ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠳᠤ ᠴᠢᠭᠯᠡᠭᠦᠯᠦᠨ᠂ ᠢᠳᠡᠭᠡᠨ ᠤ ᠠᠮᠤᠷ ᠲᠦᠪᠰᠢᠨ ᠤ ᠲᠦᠷᠭᠡᠨ ᠪᠠᠶᠢᠴᠠᠭᠠᠯᠲᠠ ᠶᠢᠨ ᠲᠡᠷᠭᠡ ᠲᠤᠬᠠᠢ ᠶᠢᠨ ᠲᠠᠯᠠᠪᠤᠷ ᠲᠤ ᠲᠠᠷᠢᠶᠠᠨ ᠡᠮ ᠪᠠ ᠮᠠᠯ ᠤᠨ ᠡᠮ ᠤᠨ ᠦᠯᠡᠳᠡᠭᠳᠡᠯ ᠢ ᠲᠦᠷᠭᠡᠨ ᠪᠠᠶᠢᠴᠠᠭᠠᠨ ᠰᠢᠯᠭᠠᠵᠤ᠂ ᠰᠢᠯᠭᠠᠨ ᠪᠠᠶᠢᠴᠠᠭᠠᠬᠤ ᠶᠠᠪᠤᠴᠠ ᠶᠢ ᠬᠡᠷᠡᠭᠯᠡᠭᠴᠢᠳ ᠲᠤ ᠣᠶᠢᠷᠠᠬᠠᠨ ᠪᠥᠭᠡᠳ ᠪᠣᠲᠠᠲᠠᠢ ᠦᠵᠡᠭᠦᠯᠵᠦ᠂ ᠢᠳᠡᠭᠡᠨ ᠤ ᠪᠠᠶᠢᠴᠠᠭᠠᠨ ᠰᠢᠯᠭᠠᠯᠲᠠ ᠶᠢᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠪᠡ᠃    ᠲᠣᠰ ᠤᠳᠠᠭᠠᠨ ᠤ ᠬᠥᠳᠡᠯᠭᠡᠭᠡᠨ ᠳᠤ ᠨᠡᠶᠢᠲᠡ 8500 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠤ ᠠᠰᠠᠭᠤᠨ ᠯᠠᠪᠯᠠᠬᠤ ᠶᠢ 50 ᠭᠠᠷᠤᠢ ᠤᠳᠠᠭ᠎ᠠ ᠭᠥᠯᠢᠶᠡᠨ ᠠᠪᠴᠤ᠂ ᠥᠷᠭᠡᠨ ᠣᠯᠠᠨ ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠ ᠡᠷᠬᠡ ᠪᠠᠨ ᠬᠠᠮᠠᠭᠠᠯᠠᠬᠤ ᠤᠬᠠᠮᠰᠠᠷ ᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠬᠥᠮᠥᠨ ᠪᠦᠬᠦᠨ ᠤ ︽ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ ᠡᠵᠡᠩᠨᠡᠬᠦ᠂ ᠬᠡᠷᠡᠭᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠬᠡᠷᠡᠭᠯᠡᠭᠡᠨ ᠤ ᠢᠲᠡᠭᠡᠯ ᠢ ᠬᠥᠪᠴᠢᠯᠡᠬᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠎ ᠢ ᠪᠠᠳᠠᠷᠠᠭᠤᠯᠬᠤ ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1