ᠶᠤᠸᠠᠨ ᠪᠦᠦ ᠱᠠᠨ ᠲᠣᠭᠤᠷᠢᠭ ᠠᠵᠤ ᠠᠬᠤᠶᠢᠯᠠᠯ ᠤᠳ ᠢ ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠬᠦᠷᠴᠥ ᠲᠤᠰᠬᠠᠢ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠡᠷᠭᠢᠯᠡᠪᠡ
ᠨᠡᠶᠢᠲᠡᠯᠡᠭᠰᠡᠨ ᠴᠠᠭ᠄
2024/3/18
    3 ᠰᠠᠷ᠎ᠠ ᠶᠢᠨ 13᠎ ᠠᠴᠠ 14᠎ ᠤ ᠡᠳᠦᠷ ᠪᠣᠯᠲᠠᠯ᠎ᠠ᠂ ᠶᠤᠸᠠᠨ ᠪᠦᠦ ᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠂ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠠᠴᠠ ᠬᠠᠷᠢᠶ᠎ᠠ ᠣᠷᠣᠨ ᠤ ᠠᠵᠤ ᠠᠬᠤᠶᠢᠯᠠᠯ ᠤᠳ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠳᠤ ᠬᠦᠷᠴᠦ ᠲᠤᠰᠬᠠᠢ ᠲᠠᠯᠠᠪᠤᠷ ᠎ ᠤᠨ ᠠᠵᠢᠯᠲᠠᠨ ᠡᠯᠰᠡᠬᠦ ᠴᠤᠭᠯᠠᠭᠠᠨ ᠡᠷᠬᠢᠯᠡᠵᠦ᠂ ︽ᠬᠥᠮᠥᠨ ᠠᠮᠠ ᠴᠢᠳᠠᠪᠤᠷᠢᠲᠠᠨ ᠢ ᠳᠠᠬᠢᠨ ᠪᠣᠶ ᠪᠣᠯᠭᠠᠬᠤ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠨᠠᠩ ᠣᠯᠠᠨ ᠠᠵᠢᠯ ᠤᠨ ᠪᠠᠶᠢᠷᠢ ᠶᠢ ᠡᠭᠦᠳᠴᠦ᠂ ᠴᠢᠳᠠᠪᠤᠷᠢᠲᠠᠨ ᠢ ᠨᠥᠭᠡᠴᠡᠯᠡᠬᠦ ᠡᠷᠴᠢᠮ ᠢᠶᠠᠨ ᠴᠢᠩᠭᠠᠷᠠᠭᠤᠯᠤᠨ᠂ ᠶᠤᠸᠠᠨ ᠪᠦᠦ ᠱᠠᠨ ᠲᠣᠭᠤᠷᠢᠭ ᠤᠨ ᠭᠠᠳᠠᠨᠠᠬᠢ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠴᠢᠳᠠᠪᠤᠷᠢᠲᠠᠨ ᠤ ᠨᠤᠲᠤᠭ ᠲᠠᠭᠠᠨ ᠪᠤᠴᠠᠵᠤ ᠬᠥᠭᠵᠢᠬᠦ ᠶᠢ ᠰᠢᠩᠭᠡᠬᠡᠨ ᠠᠪᠴᠤ᠂ ᠶᠤᠸᠠᠨ ᠪᠦᠦ ᠱᠠᠨ ᠲᠣᠭᠤᠷᠢᠭ ᠤᠨ ︽ᠨᠢᠭᠡ ᠬᠤᠲᠠ ᠭᠤᠷᠪᠠᠨ ᠰᠠᠭᠤᠷᠢᠨ ᠭᠠᠵᠠᠷ︾᠎ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠤᠯᠠᠮ ᠨᠢᠭᠡ ᠠᠯᠬᠤᠮ ᠠᠬᠢᠭᠤᠯᠪᠠ᠃
1_副本.jpg
       ᠥᠪᠥᠷ ᠮᠣᠩᠭᠤᠯ ᠤᠨ ᠢ ᠫᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠿᠥᠢ ᠶᠠᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠶᠢᠨ ᠰᠢᠦᠢ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠼᠣᠣ ᠶᠤᠸᠠᠨ ᠾᠦᠢ ᠰᠢᠶᠠᠩ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠾᠧ ᠿᠥᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ 126 ᠠᠵᠢᠯ ᠤᠨ ᠪᠠᠶᠢᠷᠢ ᠬᠠᠩᠭᠠᠵᠤ᠂ ᠬᠢᠮᠢ᠂ ᠶᠠᠪᠤᠴᠠ ᠶᠢᠨ ᠲᠣᠨᠤᠭ ᠲᠥᠬᠦᠭᠡᠷᠦᠮᠵᠢ ᠪᠠ ᠡᠵᠡᠮᠰᠢᠯ᠂ ᠮᠠᠰᠢᠨ ᠮᠧᠬᠠᠨᠢᠭ ᠦᠢᠯᠡᠳᠬᠦ ᠪᠠ ᠠᠦ᠋ᠲ᠋ᠣᠴᠢᠯᠠᠬᠤ᠂ ᠬᠢᠮᠢ ᠶᠢᠨ ᠠᠵᠢᠯ ᠤᠨ ᠬᠤᠪᠢᠶᠠᠷᠢᠯᠠᠯ ᠪᠠ ᠪᠠᠶᠢᠴᠠᠭᠠᠨ ᠰᠢᠯᠭᠠᠬᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠢᠳᠡᠭᠡᠨ ᠤ ᠬᠢᠮᠢ ᠶᠢᠨ ᠰᠢᠯᠭᠠᠯᠲᠠ᠂ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ᠂ ᠲᠥᠬᠦᠭᠡᠷᠦᠮᠵᠢ ᠶᠢᠨ ᠠᠦ᠋ᠲ᠋ᠣᠴᠢᠯᠠᠯᠲᠠ᠂ ᠮᠠᠰᠢᠨ ᠴᠠᠬᠢᠯᠭᠠᠨ ᠤ ᠨᠢᠭᠡ ᠴᠣᠭᠴᠠᠵᠢᠯᠲᠠ ᠵᠡᠷᠭᠡ ᠲᠤᠰᠬᠠᠢ ᠮᠡᠷᠭᠡᠵᠢᠯ ᠢ ᠡᠯᠰᠡᠪᠡ᠃    ᠠᠵᠢᠯᠲᠠᠨ ᠡᠯᠰᠡᠬᠦ ᠲᠤᠰᠬᠠᠢ ᠠᠩᠭᠢ ᠤᠷᠢᠳ ᠬᠤᠵᠢᠳ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠳᠤ ᠬᠦᠷᠴᠦ᠂ ᠠᠵᠢᠯᠲᠠᠨ ᠡᠯᠰᠡᠬᠦ ᠠᠵᠢᠯ ᠤᠨ ᠬᠠᠷᠢᠭᠤᠴᠠᠯᠭᠠᠲᠠᠨ ᠨᠥᠬᠦᠳ ᠶᠤᠸᠠᠨ ᠪᠦᠦ ᠱᠠᠨ ᠲᠣᠭᠤᠷᠢᠭ ᠤᠨ ᠪᠠᠶᠢᠳᠠᠯ ᠢ ᠲᠠᠨᠢᠯᠴᠠᠭᠤᠯᠵᠤ᠂ 2024 ᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ  ᠣᠯᠭᠤᠯᠲᠠ ᠶᠢᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠠᠵᠢᠯ ᠮᠡᠷᠭᠡᠵᠢᠯ ᠤᠨ ᠵᠢᠯᠣᠭᠤᠳᠤᠯᠭ᠎ᠠ ᠬᠢᠵᠦ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠶᠤᠸᠠᠨ ᠪᠣᠥ ᠱᠠᠨ ᠳᠤ ᠢᠷᠡᠵᠦ ᠠᠵᠢᠯ ᠣᠯᠬᠤ ᠶᠢ ᠵᠣᠷᠢᠭᠵᠢᠭᠤᠯᠪᠠ᠃
2_副本.jpg
3_副本.jpg
       ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠠᠶ ᠳᠤ ᠬᠥᠮᠥᠨ ᠬᠠᠷ᠎ᠠ ᠣᠯᠡᠨ ᠴᠤᠭᠯᠠᠷᠠᠵᠤ᠂ ᠬᠠᠯᠠᠭᠤᠨ ᠠᠭᠤᠷ ᠠᠮᠢᠰᠬᠤᠯ ᠢᠶᠠᠷ ᠪᠢᠯᠬᠠᠨ᠂ ᠲᠡᠭᠦᠰᠬᠦ ᠰᠤᠷᠤᠭᠴᠢᠳ ᠠᠵᠤ ᠠᠬᠤᠶᠢᠯᠠᠯ ᠲᠠᠢ ᠢᠳᠡᠪᠬᠢᠲᠡᠢ ᠪᠠᠷ ᠨᠡᠪᠲᠡᠷᠡᠯᠴᠡᠵᠦ ᠂ ᠨᠡᠶᠢᠲᠡ 224 ᠬᠥᠮᠥᠨ ᠠᠵᠢᠯ ᠣᠯᠬᠤ ᠬᠠᠨᠳᠤᠯᠭ᠎ᠠ ᠲᠣᠭᠲᠠᠵᠤ᠂ ᠲᠤᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠰᠠᠶᠢᠨ ᠦᠷ᠎ᠡ ᠪᠦᠲᠦᠮᠵᠢ ᠣᠯᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1