ᠮᠣᠬᠤᠷ ᠭᠤᠤᠯ ᠪᠠᠯᠭᠠᠰᠤ᠄ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠡᠭᠦᠳᠡᠨ ᠳᠤᠨᠢ ᠬᠥᠷᠭᠡᠨ ᠥᠭᠴᠦ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠢᠳᠡ ᠬᠦᠴᠦᠨ ᠲᠡᠭᠦᠯᠳᠡᠷ ᠪᠠᠶᠢᠨ᠎ᠠ
ᠨᠡᠶᠢᠲᠡᠯᠡᠭᠰᠡᠨ ᠴᠠᠭ᠄
2024/3/19
    ᠵᠢᠯ ᠤᠨ ᠠᠵᠢᠯ ᠤᠨ ᠲᠥᠯᠥᠪᠵᠢᠭᠦᠯᠭᠡ ᠬᠠᠪᠤᠷ ᠲᠠᠭᠠᠨ ᠪᠤᠢ ᠂ ᠨᠢᠭᠡ ᠵᠢᠯ ᠎ ᠤᠨ ᠡᠯᠪᠡᠭ ᠬᠤᠷᠢᠶᠠᠯᠲᠠ ᠶᠢ ᠬᠠᠪᠤᠷ ᠤᠨ ᠲᠠᠷᠢᠶᠠᠯᠠᠭ᠎ᠠ ᠎ ᠠᠴᠠ ᠦᠵᠡᠨ᠎ᠡ ᠃ ᠣᠳᠣᠬᠠᠨ ᠳᠤ ᠠᠭᠤᠷ ᠠᠮᠢᠰᠬᠤᠯ ᠠᠭᠠᠵᠢᠮ ᠢᠶᠠᠷ ᠳᠤᠯᠠᠭᠠᠷᠠᠬᠤ ᠶᠢ ᠳᠠᠭᠠᠯᠳᠤᠨ ᠂ ᠮᠣᠬᠤᠷ ᠭᠤᠤᠯ ᠪᠠᠯᠭᠠᠰᠤᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠡᠬᠢᠯᠡᠯᠲᠡ ᠶᠢᠨ ᠠᠶᠠᠰ ᠨᠢᠭᠡᠨᠲᠡ ᠴᠤᠤᠷᠢᠶᠠᠲᠤᠵᠤ ᠂ ᠮᠣᠬᠤᠷ ᠭᠤᠤᠯ ᠬᠠᠩᠭᠠᠯᠭ᠎ᠠ ᠶᠢᠨ ᠬᠤᠷᠰᠢᠶᠠᠨ ᠤ ᠬᠥᠮᠥᠷᠭᠡ ᠳᠤ ᠂ ᠬᠢᠮᠢ ᠶᠢᠨ ᠪᠣᠷᠳᠣᠭᠤᠷ ᠳᠦᠭᠦᠷᠲᠡᠯ᠎ᠡ ᠲᠡᠭᠡᠭᠡᠪᠥᠷᠢᠯᠡᠭᠰᠡᠨ ᠮᠠᠰᠢᠨ ᠲᠡᠷᠭᠡ ᠎ ᠨᠦᠭᠦᠳ ᠬᠤᠶᠢᠨ᠎ᠠ ᠬᠤᠶᠢᠨ᠎ᠠ ᠠᠴᠠ ᠪᠠᠨ ᠢᠷᠡᠵᠦ ᠂ ᠠᠵᠢᠯᠴᠢᠳ ᠬᠢᠮᠢ ᠶᠢᠨ ᠪᠣᠷᠳᠣᠭᠤᠷ ᠢᠶᠠᠨ ᠪᠠᠭᠤᠯᠭᠠᠨ ᠡᠭᠦᠷᠴᠦ᠂ ᠬᠤᠪᠢᠶᠠᠷᠢᠯᠠᠨ ᠲᠠᠯᠪᠢᠵᠤ᠂ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠶᠠᠭᠠᠷᠠᠯᠲᠠᠢ ᠪᠠᠶᠢᠳᠠᠯ ᠢᠯᠡᠷᠡᠵᠦ ᠂ ᠬᠢᠵᠠᠭᠠᠷᠯᠠᠬᠤ ᠨᠠᠶᠢᠷᠠᠯᠭᠠᠲᠤ ᠪᠣᠷᠳᠣᠭᠤᠷ ᠂ ᠨᠡᠶᠢᠯᠡᠮᠡᠯ ᠪᠣᠷᠳᠣᠭᠤᠷ ᠂ ᠬᠤᠶᠠᠷ ᠠᠮᠢᠨ ᠪᠣᠷᠳᠤᠭᠤᠷ ᠵᠡᠷᠭᠡ ᠬᠢᠮᠢ ᠶᠢᠨ ᠪᠣᠷᠳᠣᠭᠤᠷ ᠢ ᠡᠮᠬᠢ ᠳᠢᠭᠯᠢᠮ ᠲᠠᠢ ᠣᠪᠤᠭᠠᠯᠠᠨ᠎ᠠ᠃
1_副本.jpg
       ᠡᠷᠲᠡ ᠲᠥᠯᠥᠪᠯᠡᠵᠦ᠂ ︽ ᠵᠠᠬᠢᠶᠠᠯᠠᠭ᠎ᠠ ︾ ᠲᠤᠭᠲᠠᠨ ᠬᠠᠪᠤᠷ ᠤᠨ ᠲᠠᠷᠢᠶᠠᠯᠠᠭ᠎ᠠ ᠶᠢ ᠪᠠᠲᠤᠯᠠᠪᠠ᠃ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ︽ ᠠᠩᠬᠠᠨ ᠤ ᠳᠠᠶᠢᠯᠠᠯᠳᠤᠭᠠᠨ ︾᠎ ᠢ ᠰᠠᠶᠢᠲᠤᠷ ᠡᠬᠢᠯᠡᠭᠦᠯᠵᠦ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠲᠥᠯᠦᠭᠡ ᠂ ᠮᠣᠬᠤᠷ ᠭᠤᠤᠯ ᠪᠠᠯᠭᠠᠰᠤ ᠤᠷᠢᠳᠴᠢᠯᠠᠨ ᠲᠥᠯᠥᠪᠯᠡᠵᠦ᠂ ᠡᠷᠲᠡ ᠠᠴᠠ ᠪᠠᠶᠢᠷᠢᠯᠠᠭᠤᠯᠵᠤ᠂ ᠬᠠᠩᠭᠠᠨ ᠪᠣᠷᠣᠯᠠᠭᠤᠯᠬᠤ ᠬᠤᠷᠰᠢᠶᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢᠨ ᠭᠤᠣᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠳᠤᠨᠤᠨ ᠤ 11 ᠰᠠᠷ᠎ᠠ ᠠᠴᠠ ᠡᠬᠢᠯᠡᠨ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠎ ᠤᠨ ᠦᠢᠯᠡᠳᠪᠦᠷᠢ ᠲᠠᠢ ᠤᠯᠠᠨ ᠤᠳᠠᠭ᠎ᠠ ᠵᠣᠯᠭᠠᠭᠤᠯᠵᠤ ᠂ ᠲᠠᠷᠢᠶᠠᠴᠢᠨ ᠡᠷᠦᠭᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬᠢᠶᠠᠯᠠᠭ᠎ᠠ ᠶᠢᠨ ᠡᠬᠡ ᠲᠠᠩᠰᠠ ᠶᠢ ᠪᠠᠶᠢᠭᠤᠯᠵᠤ ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠪᠠ ᠬᠡᠷᠡᠭᠴᠡᠭᠡ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ ᠂ ᠬᠢᠮᠢ ᠶᠢᠨ ᠪᠣᠷᠳᠣᠭᠤᠷ ᠂ ᠲᠠᠷᠢᠶᠠᠨ ᠡᠮ ᠂ ᠰᠦᠯᠢᠶᠥᠦ ᠪᠦᠷᠬᠦᠪᠴᠢ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠲᠠᠸᠠᠷ ᠢ ᠬᠤᠳᠠᠯᠳᠤᠨ ᠠᠪᠬᠤ ᠪᠠ ᠰᠢᠯᠵᠢᠭᠦᠯᠦᠨ ᠵᠥᠭᠡᠭᠡᠪᠦᠷᠢᠯᠡᠬᠦ ᠶᠢ ᠨᠠᠷᠢᠨ ᠨᠢᠮᠪᠠᠢ ᠵᠤᠬᠢᠶᠠᠨ ᠪᠠᠶᠢᠭᠤᠯᠤᠨ ᠰᠠᠶᠢᠲᠤᠷ ᠠᠳᠬᠤᠵᠤ᠂ ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ 400 ᠭᠠᠷᠤᠢ ᠲᠣᠨ ᠨᠥᠭᠡᠴᠡᠯᠡᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ︽ ᠠᠮᠤ ᠡᠪᠡᠰᠦ ︾᠎ ᠶᠢ ᠪᠦᠬᠦ ᠬᠦᠴᠦᠨ ᠢᠶᠠᠷ ᠢᠶᠠᠨ ᠭᠦᠢᠴᠡᠳ ᠪᠡᠯᠡᠳᠬᠡᠵᠦ ᠂ ᠲᠠᠷᠢᠶᠠᠯᠠᠩ ᠤᠨ ᠦᠢᠯᠡᠳᠪᠦᠷᠢᠯᠡᠯ ᠤᠨ ᠰᠠᠶᠢᠨ ᠡᠬᠢᠯᠡᠯᠲᠡ ᠶᠢ ᠪᠠᠲᠤᠯᠠᠪᠠ᠃
2_副本.jpg
    ︽ᠵᠠᠬᠢᠶᠠᠯᠠᠭ᠎ᠠ ᠳᠠᠭᠤᠳᠠᠬᠤ︾ ᠤᠲᠠᠰᠤ ᠪᠠᠷ ᠬᠠᠪᠤᠷ ᠤᠨ ᠲᠠᠷᠢᠶᠠᠯᠠᠭ᠎ᠠ ᠳᠤ  ᠪᠡᠯᠡᠳᠬᠡᠵᠦ᠂ ᠡᠬᠦᠳᠡᠨ ᠳᠤ ᠨᠢ ᠬᠥᠷᠭᠡᠵᠦ ᠦᠭᠭᠦᠨ᠎ᠡ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢᠨ ︽ᠡᠴᠦᠰ ᠤᠨ ᠨᠢᠭᠡ ᠺᠢᠯᠣᠮᠧᠲᠷ︾᠎ ᠢ ᠪᠦᠬᠦ ᠬᠦᠴᠦ ᠪᠠᠷ ᠢᠶᠠᠨ ᠨᠡᠪᠲᠡᠷᠡᠭᠦᠯᠬᠦ ᠶᠢᠨ ᠲᠥᠯᠥᠭᠡ᠂ ᠮᠣᠬᠤᠷ ᠭᠤᠤᠯ ᠬᠠᠩᠭᠠᠨ ᠪᠣᠷᠣᠯᠠᠭᠤᠯᠬᠤ ᠬᠤᠷᠰᠢᠶ᠎ᠠ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ︽ᠲᠠᠷᠢᠶᠠᠴᠢᠨ ᠡᠷᠦᠬᠡ ᠶᠢᠨ ᠤᠳᠠᠰᠤ ᠪᠠᠷ ᠡᠳ᠋ ᠪᠣᠳᠠᠰ ᠵᠠᠬᠢᠶᠠᠯᠠᠵᠤ᠂ ᠬᠠᠩᠭᠠᠨ ᠪᠣᠷᠤᠯᠠᠭᠤᠯᠬᠤ ᠬᠤᠷᠰᠢᠶ᠎ᠠ ᠡᠳ᠋ ᠪᠣᠳᠠᠰ ᠢ ᠴᠤᠭᠯᠠᠭᠤᠯᠤᠨ ᠲᠣᠬᠢᠷᠠᠭᠤᠯᠵᠤ᠂ ᠡᠳ᠋ ᠪᠣᠳᠠᠰ ᠎ ᠢ ᠡᠭᠦᠳᠡᠨ ᠳᠤᠨᠢ ᠬᠥᠷᠭᠡᠨ ᠥᠭᠬᠦ︾ ᠦᠢᠯᠡᠴᠢᠯᠡᠭᠡᠨ ᠤ ᠵᠣᠷᠢᠯᠲᠠ ᠶᠢ ᠪᠠᠷᠢᠮᠲᠠᠯᠠᠵᠤ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠵᠦ᠂ ᠪᠥᠬᠦ ᠪᠠᠯᠭᠠᠰᠤᠨ ᠤ 7 ︽ᠭᠤᠷᠪᠠ ᠶᠢ ᠨᠢᠭᠡ ᠴᠣᠭᠴᠠᠵᠢᠭᠤᠯᠬᠤ︾ ᠦᠢᠯᠡᠴᠢᠯᠡᠭᠡᠨ ᠤ ᠥᠷᠲᠡᠭᠡ ᠳᠤ ᠲᠦᠰᠢᠭᠯᠡᠨ᠂ ᠲᠠᠷᠢᠶᠠᠴᠢᠨ ᠡᠷᠦᠬᠡ ᠳᠤ ︽ᠨᠢᠭᠡ ᠥᠷᠲᠡᠭᠡ ᠮᠠᠶ᠋ᠢᠭ︾᠎ ᠤᠨ ︽ ᠡᠭᠦᠳᠡᠨ ᠳᠤᠨᠢ ᠬᠦᠷᠭᠡᠬᠦ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠵᠤ᠂ ᠲᠠᠷᠢᠶᠠᠯᠠᠩ ᠤᠨ ᠬᠡᠷᠡᠭᠰᠡᠯ ᠢ ᠡᠭᠦᠳᠡᠨ ᠳᠤᠨᠢ ᠬᠦᠷᠭᠡᠵᠦ᠂ ᠲᠠᠷᠢᠶᠠᠨ ᠭᠠᠵᠠᠷ ᠲᠤ ᠬᠦᠷᠭᠡᠵᠦ᠂ ︽ ᠤᠳᠠᠰᠤᠳᠠᠭᠰᠠᠭᠠᠷ ᠲᠠᠷᠢᠶᠠᠯᠠᠩ ᠤᠨ ᠬᠡᠷᠡᠭᠰᠡᠯ ᠢ ᠡᠭᠦᠳᠡᠨ ᠳᠤᠨᠢ ᠬᠥᠷᠭᠡᠬᠦ︾᠎ ᠶᠢ ᠪᠡᠶᠡᠯᠡᠭᠦᠯᠵᠦ᠂ ᠲᠠᠷᠢᠶᠠᠴᠢᠨ ᠡᠷᠦᠬᠡ ᠶᠢᠨ ᠣᠶᠢᠷ᠎ᠠ ᠬᠠᠪᠢ ᠠᠴᠠ ᠬᠤᠳᠠᠯᠳᠤᠨ ᠠᠪᠬᠤ ᠬᠡᠷᠡᠭᠴᠡᠭᠡ ᠶᠢ ᠬᠠᠩᠭᠠᠵᠤ᠂ ᠲᠠᠷᠢᠶᠠᠯᠠᠩ ᠤᠨ ᠬᠡᠷᠡᠭᠰᠡᠯ ᠢ ᠡᠷᠦᠬᠡ ᠳᠤ ᠬᠦᠷᠭᠡᠬᠦ ᠶᠢ ᠦᠨᠡᠨ ᠬᠦ ᠪᠠᠲᠤᠯᠠᠵᠤ᠂ ᠲᠠᠷᠢᠶᠠᠨ ᠴᠠᠭ ᠢ ᠰᠠᠭᠠᠲᠠᠭᠠᠬᠤ ᠦᠭᠡᠢ ᠪᠠᠶᠢᠬᠤ ᠶᠢ ᠪᠠᠲᠤᠯᠠᠪᠠ ᠃ ︽ ᠤᠳᠤ ᠬᠢᠮᠢ ᠶᠢᠨ ᠪᠣᠷᠳᠣᠭᠤᠷ ᠬᠤᠳᠠᠯᠳᠤᠨ ᠠᠪᠬᠤ ᠳᠤ ᠲᠤᠩ ᠲᠦᠭᠦᠮ ᠪᠣᠯᠵᠠᠢ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠲᠤ ᠣᠴᠢᠬᠤ ᠴᠢᠬᠤᠯᠠ ᠥᠭᠡᠢ ᠪᠣᠯᠵᠠᠢ ᠂ ᠬᠠᠩᠭᠠᠨ ᠪᠣᠷᠣᠯᠠᠭᠤᠯᠬᠤ ᠬᠤᠷᠰᠢᠶ᠎ᠠ ᠳᠤ ᠤᠳᠠᠰᠤᠳᠠᠭᠰᠠᠭᠠᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠡᠭᠦᠳᠡᠨ ᠳᠤ ᠬᠥᠷᠭᠡᠭᠡᠳ ᠥᠭᠴᠢᠬᠡᠨ᠎ᠡ᠂ ᠡᠨᠡ ᠎ ᠨᠢ ᠬᠤᠳᠠ ᠶᠢᠨ ᠵᠠᠬᠢᠶᠠᠯᠠᠭ᠎ᠠ ᠪᠠᠷ ᠬᠤᠭᠤᠯᠠ ᠳᠠᠭᠤᠳᠠᠬᠤ ᠲᠠᠢ ᠠᠪ ᠠᠳᠠᠯᠢᠬᠠᠨ ︾ ᠭᠡᠵᠦ ᠬᠢᠮᠢ ᠶᠢᠨ ᠪᠣᠷᠳᠣᠭᠤᠷ ᠢᠶᠠᠨ ᠪᠠᠭᠤᠯᠭᠠᠵᠤ ᠪᠠᠶᠢᠭ᠎ᠠ ᠴᠢᠩ ᠱᠠᠨ ᠲᠣᠰᠬᠤᠨ ᠤ ᠠᠷᠠᠳ ᠰᠦᠨ ᠰᠢᠩ  ᠸᠧᠨ ᠢᠨᠢᠶᠡᠮᠰᠦᠭᠯᠡᠨ ᠶᠠᠷᠢᠨ᠎ᠠ ᠃ ᠣᠲᠣ ᠪᠣᠯᠲᠠᠯ᠎ᠠ᠂ ᠮᠣᠬᠤᠷ ᠭᠤᠤᠯ ᠬᠠᠩᠭᠠᠨ ᠪᠣᠷᠣᠯᠠᠭᠤᠯᠬᠤ ᠬᠤᠷᠰᠢᠶ᠎ᠠ ᠨᠢᠭᠡᠨᠲᠡ 20 ᠭᠠᠷᠤᠢ ᠤᠳᠠᠭ᠎ᠠ ᠲᠠᠷᠢᠶᠠᠯᠠᠩ ᠤᠨ ᠬᠡᠷᠡᠭᠰᠡᠯ ᠢ ᠡᠭᠦᠳᠡᠨ ᠳᠤᠨᠢ ᠬᠦᠷᠭᠡᠬᠦ ᠦᠢᠯᠡᠴᠢᠯᠡᠭᠡ ᠥᠷᠨᠢᠭᠦᠯᠵᠦ᠂ 187 ᠲᠣᠨ ᠬᠢᠮᠢ ᠶᠢᠨ ᠪᠣᠷᠳᠣᠭᠤᠷ ᠲᠣᠬᠢᠷᠠᠭᠤᠯᠤᠨ ᠬᠦᠷᠭᠡᠭᠰᠡᠨ ᠪᠠᠶᠢᠨ᠎ᠠ᠃ ᠣᠳᠣ ᠶᠢᠨ ᠬᠥᠮᠥᠷᠭᠡ ᠶᠢᠨ ᠬᠠᠳᠠᠭᠠᠯᠠᠭᠳᠠᠴᠠ ᠶᠢᠨ ᠬᠡᠮᠵᠢᠶ᠎ᠡ ᠮᠥᠨ ᠬᠦ 300 ᠭᠠᠷᠤᠢ ᠲᠣᠨ ᠤ ᠬᠠᠩᠭᠠᠯᠭ᠎ᠠ ᠶᠢᠨ ᠬᠢᠷᠢ ᠲᠦᠪᠰᠢᠨ ᠳᠤ ᠪᠠᠶᠢᠨ᠎ᠠ᠃    ᠳᠠᠷᠠᠭᠠᠴᠢ ᠶᠢᠨ ᠠᠯᠬᠤᠮ ᠳᠤ ᠂ ᠮᠣᠬᠤᠷ ᠭᠤᠤᠯ ᠪᠠᠯᠭᠠᠰᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠂ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠤᠨ ᠬᠢᠨᠠᠨ ᠬᠡᠮᠵᠢᠯᠲᠡ ᠶᠢ ᠦᠷᠭᠦᠯᠵᠢᠯᠡᠨ ᠴᠢᠩᠭᠠᠳᠬᠠᠵᠤ ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠵᠢᠴᠢ ᠦᠨ᠎ᠡ ᠬᠠᠩᠰᠢ ᠶᠢᠨ ᠬᠠᠨᠳᠤᠰᠢ ᠶᠢ ᠴᠠᠭ ᠲᠤᠬᠠᠢ ᠳᠤᠨᠢ ᠡᠵᠡᠮᠳᠡᠵᠦ ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠨᠠᠶᠢᠳᠠᠪᠤᠷᠢᠲᠠᠢ ᠂ ᠦᠨ᠎ᠡ ᠬᠠᠩᠰᠢ ᠲᠣᠭᠲᠠᠭᠤᠨ ᠂ ᠦᠢᠯᠡᠴᠢᠯᠡᠭᠡ ᠴᠢᠨᠠᠷ ᠰᠠᠶᠢᠲᠠᠢ ᠪᠠᠶᠢᠬᠤ ᠶᠢ ᠪᠠᠲᠤᠯᠠᠵᠤ ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ︽ ᠠᠮᠤ ᠬᠦᠨᠡᠰᠦ ︾ ᠎ ᠶᠢ ᠭᠦᠢᠴᠡᠳ ᠪᠡᠯᠡᠳᠬᠡᠵᠦ ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠲᠠᠷᠢᠶᠠᠨ ᠴᠠᠭ ᠢ ᠰᠠᠭᠠᠲᠠᠭᠠᠬᠤ ᠦᠭᠡᠢ ᠪᠠᠷ ᠤᠷᠤᠭᠰᠢᠲᠠᠢ ᠥᠷᠨᠢᠭᠦᠯᠬᠦ ᠶᠢ ᠪᠠᠲᠤᠯᠠᠵᠤ ᠂ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ︽ ᠢᠳᠡ ᠬᠦᠴᠦ ︾ ᠎ ᠲᠠᠢ ᠪᠣᠯᠭᠠᠨ᠎ᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1