ᠤᠯᠠᠭᠠᠨᠬᠠᠳᠠ ᠬᠤᠲᠠ ᠶᠢᠨ ᠠᠩᠬᠠᠳᠤᠭᠠᠷ ᠤᠳᠠᠭᠠᠨ ᠤ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠦᠷ᠎ᠡ ᠳ᠋ᠦᠩ ᠤᠨ ᠶᠤᠸᠠᠨ ᠪᠦᠦ ᠱᠠᠨ ᠲᠣᠭᠤᠷᠢᠭ ᠤᠨ ᠬᠠᠷᠢᠭᠤ ᠲᠤᠰᠬᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/19
   
1_副本.jpg
       3 ᠰᠠᠷ᠎ᠠ ᠶᠢᠨ 18᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ᠂ ᠶᠤᠸᠠᠨ ᠪᠦᠦ ᠱᠠᠨ ᠲᠣᠭᠤᠷᠢᠭ ᠤᠨ ᠠᠭᠤᠯᠠᠨ ᠡᠮᠦᠨᠡᠬᠢ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠭᠰᠡᠨ ᠤᠯᠠᠭᠠᠨᠬᠠᠳᠠ ᠬᠤᠲᠠ ᠶᠢᠨ ᠠᠩᠬᠠᠳᠤᠭᠠᠷ ᠤᠳᠠᠭᠠᠨ ᠤ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠦᠷ᠎ᠡ ᠳ᠋ᠦᠩ ᠤᠨ ᠶᠤᠸᠠᠨ ᠪᠦᠦ ᠱᠠᠨ ᠲᠣᠭᠤᠷᠢᠭ ᠤᠨ ᠬᠠᠷᠢᠭᠤ ᠲᠤᠰᠬᠠᠬᠤ ᠬᠤᠷᠠᠯ ᠶᠤᠸᠠᠨ ᠪᠦᠦ ᠱᠠᠨ ᠲᠣᠭᠤᠷᠢᠭ ᠤᠨ ᠠᠭᠤᠯᠠᠨ ᠡᠮᠦᠨᠡᠬᠢ ᠰᠤᠷᠭᠠᠭᠤᠯᠢ ᠳᠤ ᠶᠠᠪᠤᠭᠳᠠᠪᠠ᠃ ᠵᠢᠶᠠᠩᠰᠤ ᠮᠤᠵᠢ ᠶᠢᠨ ᠰᠦᠵᠧᠦ ᠬᠤᠲᠠ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠨᠡᠶᠢᠭᠡᠮᠯᠢᠭ ᠤᠨ ᠳᠠᠷᠤᠭ᠎ᠠ ᠯᠥᠸᠧ ᠴᠢᠶᠠᠩ ᠪᠤᠯᠤᠨ ᠦᠨᠡᠯᠡᠨ ᠵᠢᠱᠢᠬᠦ ᠬᠡᠯᠲᠡᠰ ᠤᠨ ᠡᠷᠬᠢᠯᠡᠭᠴᠢ ᠹᠠᠨ ᠵᠢᠶᠧ ᠂ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠢᠦᠢ ᠹᠦ᠋ ᠺᠦᠢ᠂ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠮᠢᠩ᠂ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠭᠤᠴᠠᠯᠭᠠᠲᠠᠨ ᠂ ᠬᠤᠲᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠲᠥᠪ ᠤᠨ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠦᠨᠡᠯᠡᠨ ᠵᠢᠱᠢᠬᠦ ᠬᠢᠨᠠᠨ ᠬᠡᠮᠵᠢᠬᠦ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ ᠃ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ ᠪᠦᠯᠬᠦᠮ ᠤᠨ ᠪᠦᠷᠢᠯᠳᠦᠭᠦᠨ᠂ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠬᠠᠮᠢᠶ᠎ᠠ ᠪᠦᠬᠦᠢ ᠲᠠᠰᠤᠭ ᠤᠨ ᠬᠠᠷᠢᠭᠤᠴᠠᠯᠭᠠᠲᠠᠨ᠂ ᠲᠣᠭᠤᠷᠢᠭ ᠤᠨ ᠵᠢᠭᠠᠬᠤ ᠶᠢ ᠰᠤᠳᠤᠯᠬᠤ ᠲᠥᠪ ᠤᠨ ᠪᠠᠭ ᠤᠨ ᠪᠦᠷᠢᠯᠳᠦᠭᠦᠨ ᠵᠢᠴᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠭᠠᠬᠤ ᠶᠢ ᠰᠤᠳᠤᠯᠤᠭᠴᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠲᠤᠬᠠᠶᠢᠯᠠᠭᠰᠠᠨ ᠠᠵᠢᠯ ᠤᠨ ᠵᠠᠬᠢᠷᠤᠯ᠂ ᠬᠠᠮᠢᠶ᠎ᠠ ᠪᠦᠬᠦᠢ ᠬᠢᠴᠢᠶᠡᠯ ᠲᠥᠷᠥᠯ ᠤᠨ ᠵᠢᠭᠠᠬᠤ ᠶᠢ ᠰᠤᠳᠤᠯᠬᠤ ᠳᠤᠭᠤᠶᠢᠯᠠᠩ ᠤᠨ ᠳᠠᠷᠤᠭ᠎ᠠ ᠵᠡᠷᠭᠡ 200 ᠭᠠᠷᠤᠢ ᠬᠥᠮᠥᠨ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠯᠥᠸᠧ ᠴᠢᠶᠠᠩ ᠶᠤᠸᠠᠨ ᠪᠦᠦ ᠱᠠᠨ ᠲᠣᠭᠤᠷᠢᠭ ᠎ ᠤᠨ ᠬᠢᠨᠠᠨ ᠬᠡᠮᠵᠢᠭᠰᠡᠨ ᠦᠷ᠎ᠡ ᠳ᠋ᠦᠩ ᠤᠨ ᠲᠤᠬᠠᠢ ᠬᠠᠷᠢᠭᠤ ᠲᠤᠰᠬᠠᠪᠠ᠃ ᠮᠡᠳᠡᠭᠦᠯᠦᠯᠲᠡ ᠶᠢᠨ ᠠᠭᠤᠯᠭ᠎ᠠ ᠶᠢᠨ ᠲᠣᠭᠤᠷᠢᠨ ᠳᠤ᠂ ᠣᠷᠣᠨ ᠪᠦᠰᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠣᠨᠣᠯ ᠢ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠰᠤᠷᠭᠠᠨ ᠬᠥᠮᠦᠵᠢᠯ ᠤᠨ ᠣᠳᠣᠬᠢ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠵᠠᠳᠠᠯᠤᠨ ᠰᠢᠨᠵᠢᠯᠡᠵᠦ᠂ ᠰᠤᠷᠤᠯᠭ᠎ᠠ ᠶᠢᠨ ᠶᠠᠰᠤ ᠴᠢᠨᠠᠷ ᠢ ᠨᠥᠯᠥᠭᠡᠯᠡᠬᠦ ᠡᠯ᠎ᠡ ᠵᠦᠢᠯ ᠤᠨ ᠳᠠᠯᠳᠠ ᠵᠠᠩᠭᠢᠯᠠᠭ᠎ᠠ ᠶᠢᠨ ᠬᠦᠴᠦᠨ ᠵᠦᠢᠯ ᠳᠤ ᠲᠠᠶᠢᠯᠤᠮᠵᠢ ᠬᠢᠭᠰᠡᠨ ᠪᠥᠭᠡᠳ ᠦᠨᠡᠨ ᠬᠦ ᠬᠡᠷᠡᠭᠵᠢᠭᠦᠯᠵᠦ ᠪᠣᠯᠬᠤᠶᠢᠴᠠ ᠵᠢᠯᠤᠭᠤᠳᠬᠤ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠡᠭᠦᠨ ᠤ ᠵᠡᠷᠭᠡ ᠳᠤ ᠪᠠᠰᠠ ᠴᠢᠨᠠᠷ ᠰᠠᠶᠢᠲᠠᠢ ᠬᠢᠨᠠᠨ ᠬᠡᠮᠵᠢᠯᠲᠡ ᠶᠢᠨ ᠮᠡᠳᠡᠭᠦᠯᠦᠯᠲᠡ ᠶᠢ ᠬᠡᠷᠬᠢᠨ ᠪᠢᠴᠢᠬᠦ ᠲᠤᠬᠠᠢ ᠪᠣᠯᠪᠠᠰᠤᠷᠠᠯ ᠬᠢᠭᠰᠡᠨ ᠪᠠᠶᠢᠨ᠎ᠠ᠃    ᠢᠦᠢ ᠹᠦ᠋ ᠺᠦᠢ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠳᠤ ᠭᠤᠷᠪᠠᠨ ᠰᠠᠨᠠᠭᠤᠯᠭ᠎ᠠ ᠳᠤᠷᠠᠳᠴᠠᠢ ᠃ ᠨᠢᠭᠡ ᠳᠤ ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠂ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠲᠣᠳᠣᠷᠬᠠᠶᠢᠯᠠᠬᠤ ᠬᠡᠷᠡᠭᠲᠡᠢ ︔ ᠬᠤᠶᠠᠷ ᠲᠤ ᠂ ᠭᠦᠨᠵᠡᠭᠡᠢ ᠣᠶᠢᠯᠠᠭᠠᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠲᠤᠰᠬᠠᠢ ᠮᠡᠷᠭᠡᠵᠢᠯᠲᠡᠨ ᠤ ᠪᠦᠯᠬᠦᠮ ᠤᠨ ᠲᠤᠰᠬᠠᠢ ᠮᠡᠷᠭᠡᠵᠢᠯ ᠤᠨ ᠪᠤᠶᠢᠵᠢᠯᠲᠠ ᠶᠢ ᠲᠦᠷᠭᠡᠳᠬᠡᠬᠦ ᠬᠡᠷᠡᠭᠲᠡᠢ︔ ᠭᠤᠷᠪᠠ ᠳᠤ ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ ᠂ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠭᠰᠡᠨ ᠦᠷ᠎ᠡ ᠳ᠋ᠦᠩ ᠢ ᠭᠡᠷᠡᠴᠢᠯᠡᠯ ᠲᠠᠢ ᠪᠠᠷ ᠬᠡᠷᠡᠭᠯᠡᠬᠦ ᠶᠢ ᠪᠠᠲᠤᠯᠠᠬᠤ ᠬᠡᠷᠡᠭᠲᠡᠢ ᠭᠡᠵᠡᠢ᠃
2_副本.jpg
       ᠬᠤᠷᠠᠯ ᠎ ᠠᠴᠠ ᠴᠢᠬᠤᠯᠠᠴᠢᠯᠠᠭᠰᠠᠨ ᠎ ᠨᠢ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠨᠤᠭᠤᠳ ᠶᠠᠰᠤ ᠴᠢᠨᠠᠷ ᠤᠨ ᠬᠢᠨᠠᠨ ᠬᠡᠮᠵᠢᠯᠲᠡ ᠎ ᠶᠢᠨ ᠦᠷ᠎ᠡ ᠳ᠋ᠦᠩ ᠢ ᠭᠦᠢᠴᠡᠳ ᠰᠠᠶᠢᠲᠤᠷ ᠬᠡᠷᠡᠭᠯᠡᠵᠦ᠂ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠢᠨᠠᠨ ᠵᠢᠯᠤᠭᠤᠳᠴᠤ ᠰᠠᠶᠢᠵᠢᠷᠠᠭᠤᠯᠬᠤ ᠪᠠᠨ ᠴᠢᠩᠭᠠᠳᠬᠠᠵᠤ᠂ ᠦᠨᠡᠯᠡᠯᠲᠡ ᠶᠢᠨ ︽ ᠵᠢᠯᠤᠭᠤᠳᠤᠭᠤᠷ︾᠎ ᠢ ᠦᠨᠡᠨᠬᠦ ᠰᠠᠶᠢᠲᠤᠷ ᠬᠡᠷᠡᠭᠯᠡᠵᠦ᠂ ᠬᠢᠨᠠᠨ ᠬᠡᠮᠵᠢᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ ᠃    ᠲᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠵᠢᠯᠣᠭᠤᠳᠤᠯᠭ᠎ᠠ ᠳᠣᠣᠷ᠎ᠠ᠂ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠭᠰᠡᠨ ᠦᠷ᠎ᠡ ᠳ᠋ᠦᠩ ᠳᠤ ᠰᠠᠭᠤᠷᠢᠯᠠᠭᠰᠠᠨ ᠪᠦᠲᠦᠮᠵᠢᠲᠡᠶ ᠬᠡᠷᠡᠭᠯᠡᠯᠲᠡ ᠶᠢ ᠦᠷᠭᠦᠯᠵᠢᠯᠡᠨ ᠰᠦᠪᠡᠭᠴᠢᠯᠡᠵᠦ᠂ ᠲᠤᠷᠰᠢᠯᠲᠠ ᠶᠢᠨ ᠲᠣᠭᠤᠷᠢᠭ ᠤᠨ ᠠᠵᠢᠯ ᠢ ᠭᠦᠨᠵᠡᠭᠡᠢ ᠠᠬᠢᠭᠤᠯᠤᠨ᠂ ᠤᠷᠢᠳᠠᠪᠠᠷ ᠵᠢᠱᠢᠶ᠎ᠡ ᠦᠵᠡᠭᠦᠯᠬᠦ᠂ ᠵᠢᠱᠢᠶ᠎ᠡ ᠦᠵᠡᠭᠦᠯᠦᠨ ᠳᠠᠶᠢᠴᠢᠯᠠᠬᠤ ᠢᠳᠡᠪᠬᠢᠲᠡᠢ ᠦᠢᠯᠡᠳᠦᠯ ᠢ ᠪᠠᠳᠠᠷᠠᠭᠤᠯᠵᠤ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠰᠤᠷᠭᠠᠨ ᠬᠥᠮᠦᠵᠢᠯ ᠤᠨ ᠭᠤᠥᠯᠴᠢ ᠪᠠᠶᠢᠬᠤ ᠶᠢ ᠠᠬᠢᠭᠤᠯᠤᠨ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1